ᠬᠤᠰᠢᠭᠤᠨ ᠤ ᠨᠠᠮ ᠤᠨ ᠬᠤᠷᠢᠶ᠎ᠡ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/20
      5 ᠰᠠᠷ᠎ᠠ ᠶᠢᠨ 19᠎ ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠶᠢᠨ ᠵᠢᠶᠠᠩ ᠪᠥᠸᠧ ᠶᠢᠨ ᠨᠠᠶᠢᠳᠠᠯᠭ᠎ᠠ ᠪᠠᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠲᠢᠶᠠᠨ ᠶᠦᠩ ᠰᠢᠶᠠᠩ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ︾᠂ ︽ᠨᠠᠢᠮᠠᠨ ᠵᠤᠷᠪᠤᠰ ᠲᠣᠭᠲᠠᠭᠠᠯ ᠢᠶᠠᠷ ᠳᠤᠮᠳᠠᠳᠤ ᠤᠯᠤᠰ ᠢ ᠬᠤᠪᠢᠷᠠᠭᠤᠯᠤᠶ᠎ᠠ︾ ᠵᠡᠷᠭᠡ ᠠᠭᠤᠯᠭ᠎ᠠ ᠶᠢ ᠰᠤᠷᠤᠯᠴᠠᠪᠠ︔ ᠬᠤᠯᠪᠣᠭᠳᠠᠯ ᠪᠦᠬᠦᠢ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ︔ ᠬᠡᠰᠡᠭ ᠨᠥᠬᠦᠳ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠳᠤ ᠨᠠᠮ ᠤᠨ ᠳᠣᠲᠣᠭᠠᠳᠤ ᠶᠢᠨ ᠲᠥᠪᠯᠡᠷᠡᠭᠦᠯᠦᠨ ᠰᠤᠷᠭᠠᠨ ᠬᠥᠮᠦᠵᠢᠯ ᠥᠷᠨᠢᠭᠦᠯᠬᠦ ᠡᠷᠬᠢᠮ ᠨᠠᠨᠳᠢᠨ ᠲᠤᠷᠰᠢᠯᠭ᠎ᠠ ᠶᠢ ᠰᠠᠶᠢᠲᠤᠷ ᠬᠡᠷᠡᠭᠯᠡᠬᠦ ᠶᠢ ᠪᠠᠷᠢᠮᠲᠠᠯᠠᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠶ᠃ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠪᠣᠯᠤᠨ ᠭᠤᠣᠯᠳᠠᠯᠭ᠎ᠠ ᠲᠠᠢ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠠᠰᠠᠭᠤᠳᠠᠯ ᠢ ᠪᠠᠶᠢᠴᠠᠭᠠᠨ ᠳᠡᠯᠭᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠬᠤ ᠰᠥᠰᠥ ᠵᠣᠷᠢᠭ ᠢᠶᠠᠷ ᠵᠥᠷᠢᠴᠡᠯ ᠠᠴᠠ ᠵᠠᠶᠢᠯᠠᠬᠤ ᠦᠭᠡᠢ᠂ ᠠᠰᠠᠭᠤᠳᠠᠯ ᠢ ᠨᠢᠭᠤᠵᠤ ᠳᠠᠯᠳᠠᠯᠠᠬᠤ ᠦᠭᠡᠢ ᠪᠠᠶᠢᠬᠤ ᠬᠡᠷᠡᠭᠲᠡᠢ︔ ︽ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠶᠢ ᠣᠯᠭᠤᠬᠤ︾ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ︽ᠬᠡᠷᠡᠭᠴᠡᠭᠡ ᠲᠠᠢ ᠶᠠᠪᠤᠳᠠᠯ ᠢ ᠰᠠᠶᠢᠲᠤᠷ ᠬᠢᠵᠦ᠂ ᠲᠤᠰᠠ ᠦᠭᠡᠢ ᠶᠠᠪᠤᠳᠠᠯ ᠢ ᠳᠤᠲᠠᠭᠤ ᠬᠢᠵᠦ᠂ ᠥᠷᠭᠡᠨ ᠤᠯᠠᠨ ᠦᠨᠳᠦᠰᠦᠨ ᠱᠠᠲᠤᠨ ᠤ ᠺᠠᠳ᠋ᠷᠴᠤᠳ ᠢ ᠴᠢᠬᠤᠯᠠ ᠪᠤᠰᠤ ᠳᠠᠷᠤᠭᠠᠰᠤ ᠠᠴᠠ ︽ᠴᠢᠯᠥᠭᠡᠯᠡᠬᠦ︾᠎ ᠶᠢ ᠦᠨᠡᠨ ᠬᠦ ᠪᠡᠶᠡᠯᠡᠭᠦᠯᠵᠦ᠂ ᠲᠡᠳᠡᠨ ᠢ ᠤᠯᠠᠨ ᠲᠦᠮᠡᠨ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ︽ᠬᠦᠨᠳᠦ ᠡᠭᠦᠷᠭᠡ︾᠎ ᠶᠢ ᠨᠡᠩ ᠰᠠᠶᠢᠲᠤᠷ ᠡᠭᠦᠷᠭᠡᠯᠡᠭᠦᠯᠬᠦ ᠬᠡᠷᠡᠭᠲᠡᠢ᠃ ᠬᠤᠰᠢᠭᠤᠨ ᠭᠠᠵᠠᠷ ᠤᠨ ᠲᠠᠰ ᠤᠨ ᠤᠳᠤᠷᠢᠳᠬᠤ ᠨᠥᠬᠦᠳ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠡᠭᠦᠷᠭᠡᠯᠡᠯ ᠤᠨ ᠲᠠᠯ᠎ᠠ ᠪᠠᠷ ᠥᠪᠡᠷ ᠢ ᠪᠠᠨ ᠲᠥᠪ ᠪᠣᠯᠭᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠬᠠᠰᠢᠯᠭ᠎ᠠ ᠪᠠᠨ ᠪᠠᠲᠤ ᠴᠣᠭᠴᠠᠯᠠᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠲᠠᠯ᠎ᠠ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ︔ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠲᠠᠢ ᠬᠠᠷᠭᠤᠭᠤᠯᠵᠤ᠂ ᠬᠤᠶᠠᠷ ᠲᠠᠯ᠎ᠠ ᠪᠠᠷ ᠠᠳᠬᠤᠵᠤ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠣᠳᠣᠬᠠᠨ ᠤ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ︽ᠪᠠᠶᠢᠯᠳᠤᠭᠠᠨ ᠤ ᠵᠢᠷᠤᠭ︾᠎ ᠢ ᠰᠠᠶᠢᠲᠤᠷ ᠵᠢᠷᠤᠭᠯᠠᠵᠤ᠂ ︽ᠬᠠᠷᠢᠭᠤᠴᠠᠯᠭ᠎ᠠ ᠶᠢᠨ ᠣᠷᠣᠨ︾᠎ ᠢ ᠰᠠᠶᠢᠲᠤᠷ ᠬᠤᠪᠢᠶᠠᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠶ ᠭᠡᠵᠠᠢ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ