ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠡ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠵᠠᠭᠤ ᠬᠤᠷᠢᠨ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶ᠎ᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/20
      5 ᠰᠠᠷ᠎ᠠ ᠶᠢᠨ 19᠎ ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠶᠢᠨ ᠵᠢᠶᠠᠩ ᠪᠥᠸᠧ ᠶᠢᠨ ᠨᠠᠶᠢᠳᠠᠯᠭ᠎ᠠ ᠪᠠᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠲᠢᠶᠠᠨ ᠶᠦᠩ ᠰᠢᠶᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠵᠠᠭᠤ ᠬᠤᠷᠢᠨ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠠᠷᠢᠭᠤᠨ ᠴᠢᠬᠡᠴᠢ ᠪᠠᠷ ᠬᠦᠢᠴᠡᠳᠬᠡᠬᠦ ᠲᠣᠭᠲᠠᠭᠠᠯ︾᠂ ᠲᠥᠪ ᠤᠨ ᠳᠠᠪᠬᠤᠷᠭ᠎ᠠ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯ ᠤᠨ ᠲᠣᠭᠲᠠᠴᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ︽ᠰᠦᠯᠵᠢᠶᠠᠨ ᠤ ᠲᠤᠭ᠎ᠠ ᠪᠠᠷᠢᠮᠲᠠ ᠶᠢᠨ ᠵᠠᠰᠠᠯᠲᠠ ᠶᠢ ᠴᠢᠩᠭᠠᠳᠬᠠᠵᠤ ᠨᠡᠭᠡᠭᠡᠨ ᠠᠰᠢᠭᠯᠠᠯᠲᠠ ᠶᠢ ᠠᠬᠢᠭᠤᠯᠬᠤ ᠲᠤᠬᠠᠶ ᠰᠠᠨᠠᠯ︾᠎ ᠢ ᠤᠯᠠᠮᠵᠢᠯᠠᠨ ᠰᠤᠷᠤᠯᠴᠠᠵᠤ᠂ ᠰᠦᠨ ᠱᠣᠤ ᠴᠧᠩ᠂ ᠸᠠᠩ ᠯᠢ ᠰᠢᠶᠠ ᠨᠥᠬᠦᠷ ᠤᠨ ᠪᠥᠬᠦ ᠣᠷᠣᠨ ᠤ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠰᠤᠷᠤᠯᠴᠠᠯᠭ᠎ᠠ ᠬᠥᠮᠦᠵᠢᠯ ᠤᠨ ᠵᠢᠯᠣᠭᠤᠳᠬᠤ ᠳᠤᠭᠤᠶᠢᠯᠠᠩ ᠤᠨ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠪᠥᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠰᠤᠷᠤᠯᠴᠠᠯᠭ᠎ᠠ ᠬᠥᠮᠦᠵᠢᠯ ᠤᠨ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠰᠢᠭᠤᠨ ᠤ ᠱᠠᠲᠤᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠲᠥᠷᠥᠯ ᠵᠦᠢᠯ ᠪᠣᠯᠤᠨ ᠲᠣᠮᠢᠯᠠᠨ ᠰᠠᠭᠤᠯᠭᠠᠵᠤ ᠬᠢᠨᠠᠨ ᠵᠢᠯᠣᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠶᠠᠪᠤᠳᠠᠯ᠂ ᠪᠠᠭᠠᠷᠢᠨ ᠪᠠᠷᠠᠭᠤᠨ ᠬᠤᠱᠢᠭᠤᠨ ᠤ 2025 ᠣᠨ ᠤ ᠤᠯᠠᠭᠠᠨᠬᠠᠳᠠ ᠬᠤᠲᠠ ᠶᠢᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠤ ᠨᠡᠷᠡᠰ ᠢ ᠲᠠᠨᠢᠯᠴᠠᠭᠤᠯᠬᠤ ᠶᠢ ᠰᠤᠳᠤᠯᠤᠨ ᠬᠢᠨᠠᠨ ᠵᠥᠪᠯᠡᠪᠡ᠃     ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠰᠢᠰᠲ᠋ᠧᠮ ᠲᠠᠢ ᠲᠥᠯᠥᠪᠵᠢᠭᠦᠯᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠬᠤᠰᠢᠭᠤᠨ ᠤ ︽ᠠᠷᠪᠠᠨ ᠲᠠᠪᠤᠳᠤᠭᠠᠷ ᠲᠠᠪᠤᠨ ᠵᠢᠯ︾᠎ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠬᠦ ᠬᠡᠷᠡᠭᠲᠡᠶ᠃ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠬᠡᠷᠡᠭᠲᠡᠢ᠃ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠬᠦᠨᠳᠦ ᠶᠡᠭᠡ ᠡ᠊ᠨᠳᠡᠯ ᠤᠨ ᠲᠠᠯᠳᠠ ᠭᠡᠮ ᠢ ᠡᠷᠡᠰ ᠠᠷᠢᠯᠭᠠᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠤᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠡᠵᠡᠮᠳᠡᠵᠦ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠠᠬᠢᠭᠤᠯᠬᠤ ᠬᠡᠷᠡᠭᠲᠡᠶ ᠭᠡᠪᠡ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ