ᠰᠢᠷᠠᠮᠥ᠋ᠷᠡᠨ ᠰᠤᠮᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠠᠷᠢᠶᠠᠯᠠᠩ ᠤᠨ ᠦᠢᠯᠡᠳᠪᠦᠷᠢᠯᠡᠯ ᠤᠨ ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠵᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/5/20
      ᠪᠦᠬᠦ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠶᠢᠨ ᠲᠥᠯᠥᠭᠡ᠂ ᠰᠢᠷᠠᠮᠥ᠋ᠷᠡᠨ ᠰᠤᠮᠤ ᠡᠷᠲᠡ ᠠᠴᠠ ᠲᠥᠯᠥᠪᠵᠢᠭᠦᠯᠬᠦ᠂ ᠪᠠᠲᠤᠯᠠᠭ᠎ᠠ ᠶᠢ ᠴᠢᠩᠭᠠᠳᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠠᠵᠢᠯ ᠤᠨ ᠵᠠᠷᠴᠢᠮ ᠢ ᠪᠠᠷᠢᠮᠲᠠᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠪᠠ ᠨᠡᠶᠢᠭᠡᠮ ᠤᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠪᠠᠲᠤᠯᠠᠭ᠎ᠠ ᠶᠢᠨ ᠰᠢᠰᠲ᠋ᠧᠮ ᠢ ᠤᠯᠠᠨ ᠲᠠᠯ᠎ᠠ ᠪᠠᠷ ᠪᠠᠶᠢᠭᠤᠯᠵᠤ᠂ ᠪᠦᠬᠦ ᠵᠢᠯ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠪᠠᠲᠤᠯᠠᠪᠠ᠃    ︽ᠲᠠᠷᠢᠶᠠᠯᠠᠩ ᠢ ᠬᠠᠮᠠᠭᠠᠯᠠᠵᠤ ᠬᠤᠳᠠᠯ ᠬᠠᠭᠤᠷᠮᠠᠭ ᠲᠤ ᠴᠣᠬᠢᠯᠲᠠ ᠥᠭᠬᠦ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠤᠨ ᠬᠡᠷᠡᠭᠰᠡᠯ ᠤᠨ ᠡᠵᠡᠩᠨᠡᠯᠲᠡ ᠶᠢᠨ ᠭᠤᠤᠯ ᠴᠣᠭᠴᠠ 11᠂ ᠲᠠᠷᠢᠶᠠᠯᠠᠩ ᠤᠨ ᠮᠠᠰᠢᠨ ᠪᠠᠭᠠᠵᠢ ᠶᠢ 120 ᠰᠠᠭᠤᠷᠢ ᠰᠤᠭᠤᠴᠢᠨ ᠪᠠᠶᠢᠴᠠᠭᠠᠵᠤ᠂ ᠬᠠᠭᠤᠷᠮᠠᠭ ᠮᠠᠭᠤ ᠦᠢᠯᠡᠳᠬᠦᠨ ᠢ ︽ᠥᠯᠥ ᠣᠷᠣᠭᠤᠯᠬᠤ︾᠎ ᠶᠢ ᠦᠨᠡᠨ ᠬᠦ ᠪᠠᠲᠤᠯᠠᠪᠠ︔ ︽ᠲᠥᠪᠯᠡᠷᠡᠭᠦᠯᠦᠨ ᠬᠤᠳᠠᠯᠳᠤᠨ ᠠᠪᠬᠤ ᠲᠥᠪᠯᠡᠷᠡᠭᠦᠯᠦᠨ ᠲᠣᠬᠢᠷᠠᠭᠤᠯᠬᠤ︾ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠵᠤ᠂ ᠬᠢᠮᠢ ᠶᠢᠨ ᠪᠣᠷᠲᠣᠭᠤᠷ᠂ ᠦᠷ᠎ᠡ᠂ ᠲᠠᠷᠢᠶᠠᠨ ᠡᠮ ᠵᠡᠷᠭᠡ ᠲᠠᠷᠢᠶᠠᠯᠠᠩ ᠤᠨ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠪᠠᠷ ᠳᠠᠮᠵᠢᠭᠤᠯᠤᠨ᠂ ᠥᠪᠡᠷ ᠤᠨ ᠦᠷᠳᠡᠭ ᠢ 12% ~ 20%᠎ ᠪᠠᠷ ᠪᠠᠭᠤᠷᠠᠭᠤᠯᠵᠤ᠂ 300 ᠭᠠᠷᠤᠶ ᠡᠷᠦᠬᠡ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠡᠳ᠋ ᠪᠣᠳᠠᠰ ᠤᠨ ᠪᠠᠲᠤᠯᠠᠭ᠎ᠠ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃    ︽ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ 3.8 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠨ ᠭᠠᠵᠠᠷ ᠢ ᠲᠡᠭᠰᠢᠯᠡᠬᠦ᠂ ᠤᠰᠤᠯᠠᠬᠤ ᠪᠠ ᠤᠰᠤ ᠲᠠᠲᠠᠷᠠᠭᠤᠯᠬᠤ ᠶᠢ ᠢᠵᠢ ᠪᠥᠷᠢᠳᠦᠭᠦᠯᠬᠦ᠂ ᠬᠥᠷᠥᠰᠥ ᠰᠢᠷᠣᠶ ᠶᠢ ᠰᠠᠶᠢᠵᠢᠷᠠᠭᠤᠯᠬᠤ ︽ᠭᠤᠷᠪᠠᠨ ᠶᠡᠭᠡ ᠢᠨᠵᠧᠨᠧᠷᠢᠩ︾᠎ ᠢ ᠬᠡᠷᠡᠭᠵᠢᠬᠦᠯᠪᠡ᠃ ᠤᠰᠤ ᠠᠷᠪᠢᠯᠠᠬᠤ ᠤᠰᠤᠯᠠᠯᠲᠠ ᠶᠢᠨ ᠬᠤᠭᠤᠯᠠᠶ ᠶᠢᠨ ᠲᠣᠣᠷ ᠢ 150 ᠭᠠᠷᠤᠶ ᠺᠢᠯᠦᠮᠧᠲᠷ ᠰᠢᠨ᠎ᠡ ᠪᠠᠷ ᠪᠠᠶᠢᠭᠤᠯᠬᠤ ᠪᠠᠷ ᠳᠠᠮᠵᠢᠭᠤᠯᠤᠨ᠂ ᠲᠥᠷᠥᠯ ᠵᠦᠢᠯ ᠤᠨ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ ᠢ 1 ᠵᠡᠷᠭᠡ ᠳᠡᠰ ᠳᠡᠭᠡᠭᠰᠢᠯᠡᠭᠦᠯᠵᠦ᠂ ᠮᠦ ᠪᠦᠷᠢ ᠳᠤ ᠳᠤᠮᠳᠠᠴᠢ ᠪᠠᠷ 30%᠎ ᠶᠢᠨ ᠤᠰᠤ ᠠᠷᠪᠢᠯᠠᠵᠤ᠂ 20%᠎ ᠶᠢᠨ ᠪᠣᠷᠳᠣᠭᠤᠷ ᠠᠷᠪᠢᠯᠠᠵᠤ᠂ ᠵᠢᠱᠢᠯᠲᠡ ᠪᠠᠷ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ 150 ᠺᠢᠯᠣᠭ᠍ᠷᠠᠮ ᠨᠡᠮᠡᠭᠳᠡᠭᠦᠯᠵᠦ᠂ ︽ᠲᠩᠷᠢ ᠶᠢ ᠪᠠᠷᠠᠯᠠᠬᠤ ᠲᠠᠷᠢᠶ᠎ᠠ︾᠎ ᠶᠢ ︽ᠥᠨᠳᠥᠷ ᠤᠨᠠᠯᠲᠠ ᠲᠠᠢ ᠲᠠᠷᠢᠶ᠎ᠠ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠰᠠᠭᠤᠷᠢ ᠶᠢ ᠪᠠᠬᠢᠵᠢᠭᠦᠯᠦᠨ᠎ᠡ᠃    ︽2025 ᠣᠨ ᠤ ᠲᠠᠷᠢᠮᠠᠯ ᠤᠨ ᠪᠦᠲᠦᠴᠡ ᠶᠢ ᠲᠣᠬᠢᠷᠠᠭᠤᠯᠬᠤ ᠬᠡᠷᠡᠭᠵᠢᠭᠦᠯᠬᠦ ᠲᠥᠰᠦᠯ︾᠎ ᠢ ᠲᠣᠭᠲᠠᠭᠠᠵᠤ᠂ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠲᠠᠢ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠬᠤᠯᠢᠯᠳᠤᠭᠤᠯᠤᠨ ᠳᠠᠷᠢᠬᠤ ᠵᠡᠷᠭᠡ ᠰᠢᠨ᠎ᠡ ᠮᠡᠷᠭᠡᠵᠢᠯ ᠢ ᠭᠤᠤᠯᠳᠠᠯᠭ᠎ᠠ ᠲᠠᠢ ᠳᠡᠯᠭᠡᠷᠡᠭᠦᠯᠵᠦ᠂ ︽ᠰᠠᠶᠢᠨ ᠡᠭᠦᠯᠳᠡᠷ ᠰᠠᠶᠢᠨ ᠠᠷᠭ᠎ᠠ︾᠎ ᠪᠠᠷ ᠢᠵᠢ ᠪᠦᠷᠢᠳᠦᠭᠦᠯᠬᠦ ᠪᠠᠷ ᠳᠠᠮᠵᠢᠭᠤᠯᠤᠨ᠂ ᠵᠢᠱᠢᠯᠲᠡ ᠪᠠᠷ ᠠᠮᠤ ᠪᠤᠳᠠᠭᠠᠨ ᠤ ᠮᠥ ᠪᠦᠷᠢ ᠶᠢᠨ ᠳᠤᠮᠳᠠᠴᠢ ᠪᠠᠷ 200 ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠨ᠎ᠠ︔ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ᠂ ᠲᠠᠷᠢᠮᠠᠯ ᠤᠨ ᠵᠢᠱᠢᠶ᠎ᠡ ᠦᠵᠡᠭᠦᠯᠬᠦ ᠡᠷᠦᠬᠡ ᠶᠢ ᠵᠣᠬᠢᠶᠠᠨ ᠪᠠᠶᠢᠭᠤᠯᠵᠤ ︽ᠲᠠᠷᠢᠶᠠᠨ ᠭᠠᠵᠠᠷ ᠤᠨ ᠬᠢᠴᠢᠶᠡᠯ ᠤᠨ ᠲᠠᠩᠬᠢᠮ︾᠎ ᠤᠨ ᠪᠣᠯᠪᠠᠰᠤᠷᠠᠭᠤᠯᠤᠯ ᠬᠢᠭᠡᠳ ᠲᠣᠭᠤᠷᠢᠨ ᠦᠵᠡᠵᠦ ᠰᠤᠷᠤᠯᠴᠠᠬᠤ ᠳᠤ 5 ᠤᠳᠠᠭ᠎ᠠ ᠣᠷᠣᠯᠴᠠᠭᠤᠯᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ᠂ ᠡᠪᠡᠳᠴᠢᠨ ᠬᠤᠷᠣᠬᠠᠶ ᠶᠢᠨ ᠬᠥᠨᠥᠭᠡᠯ ᠢ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠵᠡᠷᠭᠡ ᠬᠡᠷᠡᠭᠯᠡᠭᠡᠨ ᠤ ᠮᠡᠷᠭᠡᠵᠢᠯ ᠢ ᠪᠡᠶᠡᠴᠢᠯᠡᠨ ᠵᠢᠭᠠᠵᠤ᠂  ᠲᠠᠷᠢᠵᠤ ᠤᠷᠭᠤᠭᠤᠯᠬᠤ ᠡᠷᠦᠬᠡ ᠶᠢᠨ1800 ᠬᠦᠮᠦᠨ ᠢ ᠬᠠᠮᠤᠷᠴᠠᠶ᠃    ︽ᠭᠤᠷᠪᠠᠨ ᠭᠠᠵᠠᠷ ᠬᠤᠯᠪᠣᠭᠠᠯᠠᠨ ᠬᠥᠳᠡᠯᠦᠯᠴᠡᠬᠦ︾ ᠡᠶᠡᠳᠡᠭᠦᠯᠬᠦ ᠲᠣᠭᠲᠠᠴᠠ ᠶᠢᠨ ᠰᠢᠨ᠎ᠡ ᠶᠢ ᠡᠭᠦᠳᠴᠦ᠂ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠦᠴᠦᠨ ᠢ ᠡᠮᠬᠢᠯᠡᠨ ᠨᠡᠶᠢᠯᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠴᠢᠯᠡᠭᠡᠨ ᠤ ᠲᠤᠰᠬᠠᠶ ᠠᠩᠭᠢ ᠪᠠᠶᠢᠭᠤᠯᠵᠤ᠂ ︽ᠱᠦᠬᠦᠷᠳᠡᠯᠳᠠ ᠮᠠᠶ᠋ᠢᠭ︾᠎ ᠢᠶᠠᠷ ᠵᠢᠭᠤᠷᠠᠯᠳᠤᠭᠠᠨ ᠢ 22 ᠤᠳᠠᠭ᠎ᠠ ᠵᠢᠭᠰᠠᠭᠠᠨ ᠪᠠᠶᠢᠴᠠᠭᠠᠵᠤ᠂ ᠭᠠᠵᠠᠷ ᠤᠨ ᠵᠠᠭᠠᠭ ᠤᠨ ᠮᠠᠷᠭᠤᠯᠳᠤᠭᠠᠨ᠂ ᠤᠰᠤᠯᠠᠯᠲᠠ ᠳᠤ ᠬᠡᠷᠡᠭᠯᠡᠬᠦ ᠤᠰᠤᠨ ᠤ ᠵᠢᠭᠤᠷᠠᠯᠳᠤᠭᠠᠨ ᠵᠡᠷᠭᠡ ᠵᠥᠷᠢᠴᠡᠯ 7 ᠤᠳᠠᠭ᠎ᠠ ᠶᠢ ᠠᠮᠵᠢᠯᠳᠠ ᠲᠠᠢ ᠰᠢᠢᠳᠪᠦᠷᠢᠯᠡᠪᠡ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠤᠯᠢ︾ ᠵᠡᠷᠭᠡ ᠬᠠᠤᠯᠢ ᠲᠦᠭᠡᠮᠡᠯᠵᠢᠭᠦᠯᠬᠦ ᠮᠠᠲ᠋ᠧᠷᠢᠶᠠᠯ ᠢ 500 ᠭᠠᠷᠤᠶ ᠬᠤᠪᠢ ᠲᠠᠷᠬᠠᠭᠠᠵᠤ᠂ 24 ᠴᠠᠭ ᠤᠨ ᠬᠠᠤᠯᠢ ᠴᠠᠭᠠᠵᠠ ᠶᠢᠨ ᠯᠠᠪᠯᠠᠯᠭ᠎ᠠ ᠶᠢᠨ ᠬᠠᠯᠠᠮᠰᠢᠯ ᠤᠲᠠᠰᠤ ᠶᠢ ᠨᠡᠪᠲᠡᠷᠡᠭᠦᠯᠪᠡ᠃ ᠡᠭᠦᠨ ᠤ ᠬᠠᠮᠲᠤ᠂ ᠤᠰᠤᠨ ᠠᠰᠢᠭᠯᠠᠯᠲᠠ᠂ ᠴᠠᠬᠢᠯᠭᠠᠨ ᠬᠦᠴᠦᠨ ᠤ ᠰᠠᠯᠠᠭ᠎ᠠ ᠮᠥᠴᠢᠷ ᠤᠳ ᠲᠠᠷᠢᠶᠠᠯᠠᠩ ᠤᠨ ᠴᠠᠬᠢᠯᠭᠠᠨ ᠤ ᠲᠥᠬᠦᠭᠡᠷᠦᠮᠵᠢ᠂ ᠮᠠᠰᠢᠨ ᠬᠤᠳᠳᠤᠭ ᠤᠨ ᠬᠥᠭᠡᠷᠭᠡ ᠶᠢᠨ ᠥᠷᠲᠡᠭᠡ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠳᠤ ᠠᠮᠤᠷ ᠠᠮᠤᠭᠤᠯᠠᠩ ᠡᠮᠬᠢ ᠵᠢᠷᠤᠮ ᠲᠠᠢ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃    ᠣᠲᠣ ᠪᠣᠯᠲᠠᠯ᠎ᠠ᠂ ᠰᠢᠷᠠᠮᠥ᠋ᠷᠡᠨ ᠰᠤᠮᠤ ᠨᠢᠭᠡᠨᠲᠡ ᠬᠠᠪᠤᠷ ᠤᠨ ᠲᠠᠷᠢᠶᠠᠯᠠᠭ᠎ᠠ ᠶᠢᠨ ᠲᠠᠯᠠᠪᠠᠶ ᠨᠢ 82%᠎ ᠢ ᠪᠡᠶᠡᠯᠡᠭᠦᠯᠵᠦ᠂ ᠨᠣᠭᠤᠭᠠᠨ ᠳᠠᠷᠤᠰᠢ᠂ ᠨᠡᠷᠡᠨ ᠬᠤᠸᠠᠷ ᠵᠡᠷᠭᠡ ᠲᠠᠷᠢᠮᠠᠯ ᠢ ᠵᠠᠯᠭᠠᠭ᠎ᠠ ᠪᠠᠷ ᠳᠠᠭᠠᠵᠤ ᠬᠢᠵᠦ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠤᠮᠤ ᠶᠢᠨ ᠬᠢᠨ ᠡᠳ᠋ ᠪᠣᠳᠠᠰ ᠤᠨ ᠪᠠᠲᠤᠯᠠᠭ᠎ᠠ᠂ ᠮᠡᠷᠭᠡᠵᠢᠯ ᠤᠨ ᠲᠤᠯᠭᠠᠭᠤᠷᠢᠯᠠᠯ᠂ ᠲᠥᠬᠦᠭᠡᠷᠦᠮᠵᠢ ᠶᠢᠨ ᠲᠡᠰ ᠳᠡᠪᠰᠢᠬᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠵᠤ᠂ ᠪᠦᠬᠦ ᠵᠢᠯ ᠤᠨ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠵᠦ ᠡᠯᠪᠡᠭ ᠬᠤᠷᠢᠶᠠᠯᠲᠠ ᠳᠤ ᠪᠠᠲᠤ ᠪᠠᠬᠢ ᠰᠠᠭᠤᠷᠢ ᠲᠠᠯᠪᠢᠨ᠎ᠠ᠃       
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ