| | | 5 ᠰᠠᠷ᠎ᠠ ᠶᠢᠨ 18 ᠤ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠨᠢᠭᠡᠳᠦᠮᠡᠯ ᠹᠷᠣᠨᠲ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯᠪᠠᠰᠤᠷᠠᠯ ᠤᠨ ᠠᠩᠭᠢ ᠳ᠋ᠠᠯᠢᠶᠠᠨ ᠤ ᠦᠨᠳᠦᠰᠦᠲᠡᠨ ᠤ ᠶᠡᠭᠡ ᠰᠤᠷᠭᠠᠭᠤᠯᠢ ᠳᠤ ᠬᠢᠴᠢᠶᠡᠯ ᠡᠬᠢᠯᠡᠪᠡ᠃ | ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ᠂ ᠬᠡᠰᠡᠭ ᠬᠤᠰᠢᠭᠤᠨ ᠤ ᠰᠢᠭᠤᠳ ᠬᠠᠷᠢᠶ᠎ᠠ ᠨᠢᠭᠡᠴᠡ᠂ ︽1+9+ N︾ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠥ ᠴᠤᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠬᠠᠮᠢᠶ᠎ᠠ | ᠪᠥᠬᠦᠶ ᠬᠠᠷᠢᠭᠤᠴᠠᠯᠭᠠᠲᠠᠨ᠂ ᠬᠡᠰᠡᠭ ᠨᠠᠮ ᠤᠨ ᠭᠠᠳᠠᠨᠠᠬᠢ ᠬᠥᠮᠦᠰ ᠨᠡᠶᠢᠲᠡ 50 ᠬᠥᠮᠦᠨ ᠪᠣᠯᠪᠠᠰᠤᠷᠠᠯ ᠳᠤ ᠣᠷᠣᠯᠴᠠᠵᠠᠶ᠃ | ᠣᠶᠢᠯᠠᠭᠠᠭᠰᠠᠨ ᠢᠶᠠᠷ᠂ ᠪᠣᠯᠪᠠᠰᠤᠷᠠᠯ ᠨᠢ 5 ᠡᠳᠦᠷ ᠶᠠᠪᠤᠭᠳᠠᠵᠤ᠂ ᠬᠢᠴᠢᠶᠡᠯ ᠤᠨ ᠪᠠᠶᠢᠷᠢᠯᠠᠭᠤᠯᠤᠯᠲᠠ ᠨᠢ ᠡᠯᠪᠡᠭ ᠪᠠᠶᠠᠯᠢᠭ ᠪᠥᠭᠡᠳ ᠣᠯᠠᠨ ᠶᠠᠩᠵᠤ ᠶᠢᠨ | ᠪᠠᠶᠢᠵᠤ᠂ ᠳ᠋ᠠᠯᠢᠶᠠᠨ ᠤ ᠦᠨᠳᠦᠰᠦᠲᠡᠨ ᠤ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠠᠯᠢᠶᠠᠨ ᠤ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ | ᠫᠷᠤᠹᠧᠰᠰᠤᠷ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠯᠧᠺᠲ᠋ᠣᠷ ᠢ ᠤᠷᠢᠵᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ | ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ᠂ | ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠭᠤᠤᠯ ᠰᠡᠳᠦᠪ ᠤᠨ ᠲᠣᠭᠤᠷᠢᠨ ᠳᠤ ᠬᠢᠴᠢᠶᠡᠯᠯᠡᠭᠦᠯᠪᠡ᠃ ᠡᠭᠦᠨ ᠤ ᠬᠠᠮᠲᠤ | ᠪᠠᠰᠠ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ ᠶᠢᠨ ᠭᠤᠭᠴᠤᠭ᠎ᠠ ᠶᠢ ᠲᠣᠬᠢᠷᠠᠭᠤᠯᠵᠤ᠂ ᠰᠤᠷᠤᠯᠭᠠᠳᠠᠳ ᠢ ᠵᠣᠬᠢᠶᠠᠨ ᠪᠠᠶᠢᠭᠤᠯᠤᠨ ᠳ᠋ᠠᠯᠢᠶᠠᠨ ᠤ ᠬᠤᠲᠠ ᠶᠢᠨ | ᠲᠥᠯᠥᠪᠵᠢᠭᠦᠯᠭᠡ ᠶᠢᠨ ᠬᠥᠭᠵᠢᠯᠲᠡ ᠶᠢᠨ ᠲᠥᠪ ᠵᠡᠷᠭᠡ ᠭᠠᠵᠠᠷ ᠲᠤ ᠬᠦᠷᠴᠦ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠰᠤᠷᠤᠯᠴᠠᠭᠤᠯᠪᠠ᠃ | ᠲᠣᠰ ᠤᠳᠠᠭᠠᠨ ᠤ ᠪᠣᠯᠪᠠᠰᠤᠷᠠᠯ ᠨᠢ ᠮᠠᠨ ᠤ ᠬᠤᠰᠢᠭᠤᠨ ᠤ ᠨᠢᠭᠡᠳᠦᠮᠡᠯ ᠹᠷᠣᠨᠲ ᠤᠨ ᠰᠢᠰᠲ᠋ᠧᠮ ᠤᠨ ᠺᠠᠳ᠋ᠷᠴᠤᠳ ᠲᠤ ᠡᠷᠬᠢᠮ ᠨᠠᠨᠳᠢᠨ ᠰᠤᠷᠤᠯᠴᠠᠨ | ᠰᠣᠯᠢᠯᠴᠠᠬᠤ ᠲᠣᠬᠢᠶᠠᠯ ᠬᠠᠩᠭᠠᠵᠤ᠂ ᠨᠢᠭᠡᠳᠦᠮᠡᠯ ᠹᠷᠣᠨᠲ ᠤᠨ ᠰᠢᠰᠲ᠋ᠧᠮ ᠤᠨ ᠺᠠᠳ᠋ᠷ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ᠂ ᠦᠨᠳᠦᠰᠦᠲᠡᠨ ᠤ | ᠠᠵᠢᠯ ᠢ ᠰᠠᠶᠢᠲᠤᠷ ᠬᠢᠬᠦ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ | ᠪᠥᠬᠦ ᠲᠠᠯ᠎ᠠ ᠪᠠᠷ ᠠᠬᠢᠭᠤᠯᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃ |