ᠪᠠᠶᠠᠨᠲᠠᠯ᠎ᠠ ᠰᠤᠮᠤ ︽ᠭᠤᠷᠪᠠᠨ ᠵᠦᠢᠯ︾᠎ ᠳᠤ ᠠᠩᠬᠠᠷᠤᠯ ᠢᠶᠠᠨ ᠲᠥᠪᠯᠡᠷᠡᠭᠦᠯᠦᠨ ᠠᠷᠠᠳ ᠲᠦᠮᠡᠨ ᠳᠤ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2025/5/21
     ᠤᠢᠢᠷ᠎ᠠ ᠶᠢᠨ ᠵᠢᠯ ᠠᠴᠠ᠂ ᠪᠠᠶᠠᠨᠲᠠᠯ᠎ᠠ ᠰᠤᠮᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠬᠡᠷᠡᠭᠴᠡᠭᠡ ᠱᠠᠭᠠᠷᠳᠠᠯᠭ᠎ᠠ ᠪᠣᠯᠤᠨ ᠦᠢᠯᠡᠴᠢᠯᠡᠭᠡ ᠶᠢ ︽ᠵᠡᠷᠭᠡᠪᠡᠷ ᠬᠥᠭᠵᠢᠭᠦᠯᠬᠦ︾᠎ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠤᠯᠠᠮ ᠴᠢᠨᠠᠭᠰᠢᠳᠠ ᠳᠡᠭᠡᠭᠰᠢᠯᠡᠭᠦᠯᠪᠡ᠃     ᠡᠳᠦᠷ ᠲᠤᠲᠤᠮ ᠤᠨ ᠠᠶᠢᠯᠴᠢᠯᠠᠯᠲᠠ ᠪᠠᠷ ᠡᠷᠦᠬᠡ ᠳᠤ ᠣᠷᠣᠵᠣ᠂ ᠬᠤᠶᠠᠷ ᠱᠠᠲᠤᠨ ᠤ ᠺᠠᠳ᠋ᠷ ᠰᠠᠨᠠᠭᠠᠴᠢᠯᠠᠭ᠎ᠠ ᠠᠴᠠ ᠪᠠᠨ ᠣᠯᠠᠨ ᠲᠦᠮᠡᠨ ᠤ ᠬᠡᠷ ᠢᠶᠠᠷ ᠬᠦᠷᠴᠦ ᠂ ᠮᠠᠯᠴᠢᠨ ᠲᠠᠷᠢᠶᠠᠴᠢᠨ ᠡᠷᠦᠭᠡ ᠳᠤ ᠬᠦᠷᠴᠦ ᠵᠣᠭᠤᠭ ᠳᠡᠯᠭᠡᠵᠦ᠂ ᠣᠯᠠᠨ ᠲᠦᠮᠡᠨ ᠯᠦᠭᠡ ᠶᠢᠨ ᠬᠤᠭᠤᠷᠣᠨᠳᠣᠬᠢ ᠵᠠᠢ ᠶᠢ ᠣᠶᠢᠷᠠᠲᠤᠭᠤᠯᠪᠠ︔ ᠡᠮᠨᠡᠯᠭᠡ ᠶᠢᠨ ᠬᠤᠷᠢᠶ᠎ᠠ ᠲᠠᠢ ᠢᠳᠡᠪᠬᠢᠲᠡᠢ ᠵᠣᠯᠭᠠᠭᠤᠯᠵᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠳᠤ ᠭᠡᠷ ᠤᠨ ᠡᠭᠦᠳᠡᠨ ᠳᠤ ᠰᠢᠯᠢᠳᠡᠭ ᠣᠨᠣᠰᠢᠯᠠᠨ ᠡᠮᠨᠡᠬᠦ ᠦᠢᠯᠡᠴᠢᠯᠡᠭᠡ ᠬᠦᠷᠲᠡᠭᠡᠪᠡ︔ ︽ᠨᠢᠭᠡ ᠳᠤ ᠨᠢᠭᠡ ᠶᠢ ᠬᠠᠪᠰᠤᠷᠤᠨ ᠲᠡᠳᠬᠦᠬᠦ︾ ᠬᠠᠶᠢᠷ᠎ᠠ ᠬᠠᠯᠠᠮᠵᠢ ᠶᠢᠨ ᠲᠣᠬᠤᠨᠢᠭᠤᠯᠤᠯ ᠬᠢᠬᠦ᠂ ᠡᠷᠦᠬᠡ ᠶᠢᠨ ᠳᠣᠲᠣᠷᠠᠬᠢ ᠡᠷᠡᠭᠦᠯ ᠬᠠᠮᠠᠭᠠᠯᠠᠯ ᠢ ᠴᠡᠪᠡᠷᠯᠡᠬᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠪᠰᠤᠷᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ ᠶᠢ ᠭᠦᠨᠵᠡᠭᠡᠶ ᠮᠡᠳᠡᠷᠡᠭᠦᠯᠪᠡ᠃     ᠨᠠᠮ ᠤᠨ ᠪᠠᠶᠢᠭᠤᠯᠤᠯᠲᠠ ᠶᠢᠨ ᠲᠣᠣᠷᠵᠢᠭᠤᠯᠤᠭᠰᠠᠨ ᠬᠠᠮᠢᠶᠠᠷᠤᠯᠲᠠ ᠶᠢ ᠬᠦᠳᠦᠯᠦᠨ ᠳᠠᠭᠠᠭᠤᠯᠬᠤ ᠳᠠᠪᠠᠭᠤᠯᠢᠭ ᠢ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠨ᠎ᠡ᠃ ᠲᠤᠤᠷᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠠᠶᠢᠯ ᠡᠷᠦᠬᠡ ᠶᠢᠨ ᠡᠭᠦᠳᠡᠨ ᠳᠤ ᠣᠴᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠣᠶᠢᠯᠠᠭᠠᠭᠤᠯᠵᠤ᠂ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠠᠷᠢᠯᠭᠠᠵᠤ᠂ ᠬᠦᠰᠡᠯ ᠡᠷᠡᠮᠡᠯᠵᠡᠯ ᠤᠨ ᠠᠰᠠᠭᠤᠳᠠᠯ ᠢ ᠨᠠᠷᠢᠨ ᠣᠶᠢᠯᠠᠭᠠᠵᠤ᠂ ᠵᠥᠷᠢᠴᠡᠯ ᠵᠢᠭᠤᠷᠠᠯᠳᠤᠭᠠᠨ ᠤ ᠡᠬᠢ ᠰᠤᠷᠪᠤᠯᠵᠢ ᠪᠠ ᠵᠠᠩᠭᠢᠯᠠᠭ᠎ᠠ ᠶᠢ ᠣᠨᠣᠪᠴᠢᠲᠠᠢ ᠡᠷᠢᠨ ᠣᠯᠵᠤ᠂ ᠴᠠᠭ ᠲᠤᠬᠠᠢ ᠳᠤᠨᠢ ᠬᠠᠷᠢᠭᠤ ᠲᠤᠰᠬᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠮᠤᠭ ᠤᠨ ᠲᠦᠷᠭᠡᠨ ᠬᠤᠷᠳᠤᠴᠠ ᠪᠠᠷ ᠬᠠᠷᠢᠭᠤᠯᠲᠠ ᠥᠭᠴᠦ᠂ ᠪᠣᠳᠠᠲᠠᠢ ᠠᠰᠠᠭᠤᠳᠠᠯ ᠢ ᠰᠢᠢᠳᠪᠦᠷᠢᠯᠡᠨ᠎ᠡ᠃    ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾᠎ ᠶᠢ ᠤᠶᠠᠯᠳᠤᠭᠤᠯᠤᠭᠰᠠᠨ ᠰᠤᠷᠤᠯᠴᠠᠬᠤ ᠵᠠᠭᠪᠤᠷ ᠢ ᠬᠡᠷᠡᠭᠯᠡᠨ᠂ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠠᠷᠭ᠎ᠠ ᠵᠠᠮ ᠢ ᠥᠷᠭᠡᠳᠬᠡᠨ᠂ ᠺᠠᠳ᠋ᠷᠴᠤᠳ ᠢ ᠴᠠᠭ ᠲᠤᠬᠠᠶ ᠳᠤᠨᠢ ᠰᠤᠷᠤᠯᠴᠠᠵᠤ᠂ ᠴᠠᠭ ᠲᠤᠬᠠᠶ ᠳᠤᠨᠢ ᠬᠡᠷᠡᠭᠯᠡᠬᠦᠯᠦᠨ᠎ᠡ᠃ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠺᠠᠳ᠋ᠷᠴᠤᠳ ᠢ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠬᠠᠷᠢᠯᠴᠠᠨ ᠰᠣᠯᠢᠯᠴᠠᠵᠤ᠂ ᠠᠷᠠᠳ ᠲᠦᠮᠡᠨ ᠳᠤ ᠦᠢᠯᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠤᠯᠠᠨ ᠲᠦᠮᠡᠨ ᠳᠤ ᠨᠡᠩ ᠰᠠᠶᠢᠨ ᠨᠡᠩ ᠲᠦᠷᠭᠡᠨ ᠢᠶᠠᠷ ᠦᠢᠯᠡᠴᠢᠯᠡᠨ᠎ᠡ᠃   
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ