ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠰᠢᠨ᠎ᠡ ᠬᠦᠮᠦᠨ ᠤ ᠤᠷᠤᠭ ᠲᠠᠩᠰᠠᠯᠠᠬᠤ ᠠᠵᠢᠯ ᠢ ᠰᠠᠶᠢᠳᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2025/5/21
     ︽520︾᠂ ᠨᠢᠭᠡᠨ ᠷᠣᠮᠠᠨᠲ᠋ᠢᠭ ᠬᠠᠢᠷ᠎ᠠ ᠰᠡᠳᠭᠢᠯᠭᠡ ᠶᠢᠨ ᠥᠪᠡᠷᠮᠢᠴᠡ ᠲᠤᠭ᠎ᠠ ᠂ ᠮᠠᠰᠢ ᠣᠯᠠᠨ ᠰᠢᠨ᠎ᠡ ᠬᠥᠮᠦᠨ ᠡᠨᠡ ᠡᠳᠦᠷ ᠤᠷᠤᠭ ᠲᠠᠩᠰᠠᠯᠠᠵᠤ᠂ ᠡᠭᠦᠨ ᠢᠶᠠᠷ ᠳᠠᠮᠵᠢᠨ ᠭᠦᠨ ᠵᠤᠵᠠᠭᠠᠨ ᠬᠠᠶᠢᠷ᠎ᠠ ᠰᠡᠳᠭᠢᠯᠭᠡ ᠪᠠᠨ ᠢᠯᠡᠳᠭᠡᠪᠡ᠃ 5 ᠰᠠᠷ᠎ᠠ ᠶᠢᠨ 20᠎ ᠤ ᠡᠳᠦᠷ᠂ ᠬᠤᠰᠢᠭᠤᠨ ᠤ ᠤᠷᠤᠭ ᠲᠠᠩᠰᠠᠯᠠᠬᠤ ᠲᠥᠪ ᠨᠡᠶᠢᠲᠡ 36 ᠰᠢᠨ᠎ᠡ ᠬᠥᠮᠦᠨ ᠳᠤ ᠤᠷᠤᠭ ᠤᠨ ᠲᠠᠩᠰᠠᠯᠠᠯᠳᠠ ᠬᠢᠪᠡ᠃     ᠬᠤᠰᠢᠭᠤᠨ ᠤ ᠤᠷᠤᠭ ᠳᠠᠩᠰᠠᠯᠠᠬᠤ ᠲᠥᠪ ᠤᠨ ᠠᠵᠢᠯᠲᠠᠳ ᠨᠢᠭᠡ ᠡᠳᠦᠷ ᠤᠨ ᠡᠮᠦᠨ᠎ᠡ ᠭᠦᠢᠴᠡᠳ ᠪᠡᠯᠡᠳᠬᠡᠯ ᠠᠵᠢᠯ ᠢ ᠰᠠᠶᠢᠲᠤᠷ ᠬᠢᠵᠦ᠂ ᠰᠢᠨ᠎ᠡ ᠬᠥᠮᠦᠨ ᠳᠤ ᠨᠠᠩ ᠲᠤᠰᠬᠠᠶ ᠮᠡᠷᠭᠡᠵᠢᠯ ᠤᠨ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ︽520︾ ᠲᠤᠰ ᠡᠳᠦᠷ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠳᠤᠯᠠᠪᠠ᠃     ︽520︾ ᠲᠤᠰ ᠡᠳᠦᠷ᠂ ᠬᠤᠰᠢᠭᠤᠨ ᠤ ᠤᠷᠤᠭ ᠳᠠᠩᠰᠠᠯᠠᠬᠤ ᠲᠥᠪ ᠤᠨ ᠠᠵᠢᠯᠲᠠᠳ ᠡᠷᠲᠡ ᠤᠷᠢᠳᠴᠢᠯᠠᠨ ᠠᠵᠢᠯ ᠤᠨ ᠪᠠᠶᠢᠷᠢ ᠳᠤ ᠭᠠᠷᠴᠤ᠂ ᠴᠣᠩᠬᠤ ᠨᠡᠮᠡᠵᠦ᠂ ᠰᠢᠨ᠎ᠡ ᠬᠥᠮᠦᠨ ᠳᠤ ᠨᠠᠩ ᠳᠥᠭᠦᠮ ᠳᠥᠲᠡ ᠦᠢᠯᠡᠴᠢᠯᠡᠭᠡ ᠬᠠᠩᠭᠠᠪᠠ᠃ ᠦᠨᠡᠮᠯᠡᠯ ᠠᠪᠬᠤ ᠶᠠᠪᠤᠴᠠ ᠳᠤ᠂ ᠠᠵᠢᠯᠲᠠᠳ ᠰᠢᠨ᠎ᠡ ᠬᠥᠮᠦᠨ ᠳᠤ ᠤᠷᠤᠭ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠴᠠᠭ ᠦᠶ᠎ᠡ ᠶᠢᠨ ᠢᠨᠠᠭ ᠳᠤᠷᠠᠯᠠᠯ ᠤᠨ ᠦᠵᠡᠯᠲᠡ ᠪᠠ ᠤᠷᠤᠭ ᠤᠨ ᠦᠵᠡᠯᠲᠡ ᠶᠢ ᠪᠣᠶ ᠪᠣᠯᠭᠠᠵᠤ᠂ ᠠᠷᠪᠢᠯᠠᠨ ᠭᠠᠮᠨᠠᠬᠤ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠪᠠ᠃     ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠣᠷᠤᠭ ᠬᠤᠷᠢᠮ ᠤᠨ ᠰᠣᠶᠣᠯ ᠤᠨ ᠤᠬᠠᠭᠤᠯᠭ᠎ᠠ ᠶᠢᠨ ᠬᠡᠯᠪᠡᠷᠢ ᠶᠢ ᠤᠯᠠᠮ ᠨᠢᠭᠡ ᠠᠯᠬᠤᠮ ᠰᠢᠨᠡᠴᠢᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯᠤᠨ ᠰᠢᠨ᠎ᠡ ᠴᠠᠭ ᠦᠶ᠎ᠡ ᠶᠢᠨ ᠤᠷᠤᠭ ᠤᠨ ᠣᠶᠢᠯᠠᠭᠠᠭᠳᠠᠬᠤᠨ ᠢ ᠭᠦᠨᠵᠡᠭᠡᠶ ᠠᠭᠤᠰᠤᠯᠴᠠᠭᠤᠯᠵᠤ᠂ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠵᠠᠯᠠᠭᠤᠴᠤᠳ ᠢ ᠬᠥᠲᠥᠯᠥᠨ ᠵᠢᠯᠣᠭᠤᠳᠴᠤ ᠪᠠᠶᠢᠭᠠᠳ ᠥᠨᠳᠥᠷ ᠦᠨ᠎ᠡ ᠶᠢᠨ ᠪᠤᠭᠳᠤᠯᠠᠬᠤ ᠪᠡᠯᠡᠭ᠂ ᠱᠠᠯᠢᠨ ᠪᠦᠷᠢᠯᠭᠡᠬᠦ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ ᠢ ᠤᠬᠠᠮᠰᠠᠷ ᠠᠴᠠ ᠪᠠᠨ ᠡᠰᠡᠷᠭᠦᠴᠡᠵᠦ ᠂ ᠵᠣᠯ ᠵᠢᠷᠭᠠᠯᠲᠤ ᠪᠠᠭᠠᠷᠢᠨ ᠪᠠᠷᠠᠭᠤᠨ ᠬᠤᠰᠢᠭᠤᠨ ᠤ ᠪᠥᠲᠥᠭᠡᠨ ᠪᠠᠶᠢᠭᠤᠯᠤᠯᠲᠠ ᠳᠤ ᠠᠷᠠᠳ ᠤᠨ ᠶᠠᠪᠤᠳᠠᠯ ᠤᠨ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ