ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠡᠴᠡᠨ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/5/22
      5 ᠰᠠᠷ᠎ᠠ ᠶᠢᠨ 20᠎ ᠤ ᠡᠳᠦᠷ᠂ ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠳᠡᠳ᠋ ᠡᠷᠬᠢᠯᠡᠭᠴᠢ ᠰᠡᠴᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠵᠢᠴᠢ ᠪᠥᠬᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ᠂ ᠰᠢᠶᠠᠨ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠥᠷᠡᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠴᠢᠤᠸᠠᠨ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠠᠵᠢᠯᠯᠠᠬᠤ ᠲᠠᠰᠤᠭ᠂ ᠥᠭᠡᠷᠡᠴᠢᠯᠡᠨ ᠥᠷᠭᠡᠳᠬᠡᠵᠦ ᠪᠠᠶᠢᠭᠤᠯᠬᠤ ᠳ᠋ᠠᠪᠠᠨ ᠤ ᠥᠷᠲᠡᠭᠡ ᠶᠢᠨ ᠬᠡᠷ ᠵᠢᠴᠢ ᠢᠵᠢ ᠪᠦᠷᠢᠳᠦᠭᠦᠯᠬᠦ ᠢᠨᠵᠧᠨᠧᠷᠢᠩ ᠤᠨ ᠲᠥᠷᠥᠯ ᠵᠦᠢᠯ᠂ ᠰᠢᠭᠦᠬᠦ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠲᠠᠰᠤᠭ ᠵᠡᠷᠭᠡ ᠭᠠᠵᠠᠷ ᠲᠤ ᠭᠦᠨᠵᠡᠭᠡᠶᠢᠷᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠤᠳᠤᠯᠪᠠ᠃     ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰᠬᠠᠶ ᠠᠵᠢᠯ ᠤᠨ ᠮᠡᠳᠡᠭᠦᠯᠦᠯᠲᠡ ᠵᠢᠴᠢ ᠪᠥᠬᠦ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠣᠯᠤᠨ ᠬᠡᠰᠡᠭ ᠨᠢᠭᠡᠴᠡ ᠶᠢᠨ ᠬᠠᠷᠢᠭᠤᠴᠠᠯᠭᠠᠲᠠᠨ ᠬᠠᠮᠢᠶ᠎ᠠ ᠪᠦᠬᠦᠢ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠠ ᠲᠥᠯᠥᠭᠡᠯᠡᠭᠴᠢᠳ ᠤᠨ ᠠᠵᠢᠯ ᠤᠨ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠰᠢᠯᠢᠳᠡᠭ ᠰᠠᠶᠢᠨ ᠲᠥᠯᠥᠪᠯᠡᠭᠡ ᠶᠢ ᠴᠢᠩᠭᠠᠳᠬᠠᠵᠤ᠂ ᠬᠠᠤᠯᠢ ᠲᠣᠭᠲᠠᠭᠠᠯ ᠤᠨ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠥᠬᠦ ᠬᠦᠷᠢᠶ᠎ᠡ ᠶᠢ ᠬᠠᠮᠤᠷᠤᠭᠰᠠᠨ ᠢᠲᠡᠭᠡᠮᠵᠢ ᠶᠢᠨ ᠵᠠᠰᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ︔ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠵᠠᠮ ᠢ ᠥᠷᠭᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠭᠤᠯᠤᠭᠳᠠᠬᠤᠨ ᠢ ᠭᠦᠨᠵᠡᠭᠡᠶᠢᠷᠡᠭᠦᠯᠵᠦ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠨ ᠪᠠᠲᠤᠯᠠᠬᠤ ᠬᠡᠷᠡᠭᠲᠡᠶ︔ ᠰᠢᠨ᠎ᠡ ᠨᠢᠭᠡ ᠬᠤᠭᠤᠴᠠᠭᠠᠨ ᠤ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠤᠷᠢᠳᠴᠢᠯᠠᠨ ᠲᠥᠯᠥᠪᠯᠡᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠶ ᠭᠡᠵᠠᠢ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ