| | | ᠬᠦᠳᠡᠭᠡ ᠲᠣᠰᠬᠤᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠢ ᠠᠬᠤᠢ ᠶᠢᠨ ᠣᠷᠣᠰᠢᠨ ᠰᠠᠭᠤᠬᠤ ᠳᠤ | ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ ᠶᠢᠨ ᠲᠥᠯᠥᠭᠡ᠂ ᠪᠣᠷᠣᠠᠤᠰᠤ ᠪᠠᠯᠭᠠᠰᠤ ︽ᠪᠤᠵᠠᠷ ᠪᠤᠷᠲᠠᠭ ᠢ ᠠᠷᠢᠯᠭᠠᠨ ᠡᠮᠬᠢ | ᠵᠠᠮᠪᠠᠷᠠᠭ᠎ᠠ ᠦᠭᠡᠢ ᠪᠠᠶᠢᠳᠠᠯ ᠢ ᠵᠠᠰᠠᠵᠤ᠂ ᠳᠦᠷᠢ ᠳᠦᠷᠬᠦ ᠶᠢ ᠳᠡᠭᠡᠭᠰᠢᠯᠡᠭᠦᠯᠦᠨ ᠴᠢᠨᠠᠷ ᠢ ᠨᠡᠮᠡᠭᠳᠡᠭᠦᠯᠬᠦ︾ ᠪᠠᠷ ᠬᠠᠷᠠᠯᠲᠠ ᠪᠣᠯᠭᠠᠵᠤ᠂ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃ ︽ᠵᠢᠷᠭᠤᠭ᠎ᠠ ᠶᠢ ᠴᠡᠪᠡᠷᠯᠡᠵᠦ ᠨᠢᠭᠡ ᠶᠢ ᠵᠠᠰᠠᠵᠤ ᠨᠢᠭᠡ ᠶᠢ | ᠰᠠᠶᠢᠵᠢᠷᠠᠭᠤᠯᠬᠤ︾ ᠭᠤᠤᠯᠳᠠᠯᠭ᠎ᠠ ᠲᠠᠢ ᠡᠭᠦᠷᠭᠡ ︵ᠬᠤᠭ ᠨᠣᠪᠰᠢ᠂ ᠪᠣᠬᠢᠷ ᠤᠰᠤ᠂ ᠡᠯᠳᠡᠪ ᠪᠣᠳᠠᠰ᠂ ᠡᠪᠳᠡᠷᠬᠡᠶ ᠬᠡᠷᠡᠮ᠂ ᠵᠢᠵᠢᠭ ᠵᠠᠷ ᠮᠡᠳᠡᠭᠡ᠂ ᠮᠠᠯ | ᠵᠢᠭᠦᠷᠲᠡᠨ ᠤ ᠢᠯᠭᠠᠳᠠᠰᠤ ᠶᠢ ᠴᠡᠪᠡᠷᠯᠡᠵᠦ᠂ ᠣᠯᠠᠨ ᠨᠡᠶᠢᠲᠡ ᠶᠢᠨ ᠲᠥᠬᠦᠭᠡᠷᠦᠮᠵᠢ ᠶᠢ ᠰᠡᠯᠪᠢᠨ ᠵᠠᠰᠠᠵᠤ᠂ ᠠᠮᠢᠳᠤᠷᠠᠯ ᠤᠨ ᠳᠠᠳᠬᠠᠯ ᠢ ᠰᠠᠶᠢᠵᠢᠷᠠᠭᠤᠯᠤᠨ᠎ᠠ︶ ᠳᠤ | ᠠᠩᠬᠠᠷᠤᠯ ᠢᠶᠠᠨ ᠲᠥᠪᠯᠡᠷᠡᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠢᠨ᠎ᠡ ᠥᠷᠨᠢᠯᠲᠡ ᠶᠢ ᠪᠣᠶ ᠪᠣᠯᠭᠠᠪᠠ᠃ | ᠡᠯ᠎ᠡ ᠭᠠᠴᠠᠭ᠎ᠠ ᠲᠣᠰᠬᠤᠨ ᠡᠷᠡᠭᠦᠯ ᠬᠠᠮᠠᠭᠠᠯᠠᠯ ᠤᠨ ᠠᠩᠬᠠᠷᠠᠭᠳᠠᠬᠤ ᠦᠭᠡᠢ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠭᠤᠤ ᠰᠤᠪᠠᠭ ᠵᠡᠷᠭᠡ ᠠᠷᠬᠠᠭ | ᠭᠡᠮ ᠳᠤ ᠴᠢᠭᠯᠡᠭᠦᠯᠦᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ 300 ᠭᠠᠷᠤᠶ ᠲᠣᠨ ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ᠂ 22 | ᠭᠠᠵᠠᠷ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠭᠰᠠᠨ ᠢ ᠴᠡᠭᠴᠡᠯᠡᠨ ᠵᠠᠰᠠᠵᠤ᠂ 42 ᠺᠢᠯᠦᠮᠧᠲᠷ ᠭᠤᠤᠯ ᠤᠨ ᠭᠤᠯᠳᠤᠷᠢᠯ ᠢ ᠴᠡᠪᠡᠷᠯᠡᠵᠦ᠂ 1200 | ᠭᠠᠷᠤᠶ ᠡᠪᠳᠡᠷᠬᠡᠶ ᠬᠡᠷᠡᠰᠬᠡ ᠶᠢ ᠰᠡᠯᠪᠢᠨ ᠵᠠᠰᠠᠵᠤ᠂ 12 ᠬᠡᠰᠡᠭ ᠡᠪᠳᠡᠷᠬᠡᠶ ᠬᠡᠷᠡᠮ ᠢ ᠨᠤᠷᠠᠭᠠᠵᠤ᠂ 500 ᠭᠠᠷᠤᠶ ᠲᠣᠭᠲᠠᠭᠠᠯ ᠠᠴᠠ ᠵᠦᠷᠢᠴᠡᠵᠦ ᠨᠠᠭᠠᠭᠰᠠᠨ ᠵᠢᠵᠢᠭ | ᠵᠠᠷ ᠮᠡᠳᠡᠭᠡ ᠶᠢ ᠴᠡᠪᠡᠷᠯᠡᠵᠦ᠂ ᠲᠣᠰᠬᠤᠨ ᠤ ᠳᠦᠷᠰᠦ ᠪᠠᠶᠢᠳᠠᠯ ᠢ ᠢᠯᠡᠳᠲᠡ ᠳᠡᠭᠡᠭᠰᠢᠯᠡᠭᠦᠯᠪᠡ᠃ | ᠰᠢᠨ᠎ᠡ ᠴᠠᠭ ᠦᠶ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ 20 ᠶᠢ ᠬᠦᠳᠡᠯᠭᠡᠵᠦ᠂ ᠣᠯᠠᠨ ᠲᠦᠮᠡᠨ ᠢ ᠲᠠᠶᠢᠴᠢᠯᠠᠨ 2000 ᠭᠠᠷᠤᠢ ᠬᠥᠮᠦᠨ | ᠤᠳᠠᠭ᠎ᠠ ᠴᠡᠭᠴᠡᠯᠡᠨ ᠵᠠᠰᠠᠬᠤ ᠳᠤ ᠣᠷᠣᠯᠴᠠᠪᠠ᠃ ︽ᠪᠦᠷᠢᠶ᠎ᠡ + ᠸᠢᠴᠠᠲ ᠤᠨ ᠬᠤᠯᠪᠤᠭ᠎ᠠ + ᠡᠷᠦᠬᠡ ᠳᠤ ᠣᠷᠣᠵᠤ ᠳᠠᠶᠢᠴᠢᠯᠠᠬᠤ︾ ᠵᠠᠭᠪᠤᠷ ᠢᠶᠠᠷ ᠳᠠᠮᠵᠢᠭᠤᠯᠤᠨ | ᠂ ᠲᠣᠰᠬᠤᠨ ᠤ ᠠᠷᠠᠳ ᠤᠨ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠶᠢ ᠨᠠᠶᠢᠳᠠᠪᠤᠷᠢᠵᠢᠭᠤᠯᠬᠤ ᠶᠢ ᠰᠠᠨᠠᠭᠠᠴᠢᠯᠠᠵᠤ᠂ ︽ᠠᠷᠢᠭᠤᠨ ᠴᠡᠪᠡᠷ ᠵᠢᠱᠢᠶ᠎ᠡ | ᠦᠵᠡᠭᠦᠯᠬᠦ ᠡᠷᠦᠬᠡ︾ ᠶᠢᠨ ᠨᠡᠭᠦᠳᠡᠯ ᠤᠯᠠᠭᠠᠨ ᠲᠤᠭ ᠢ ᠠᠳᠠᠯᠢᠳᠬᠠᠨ ᠰᠢᠯᠭᠠᠷᠠᠭᠤᠯᠬᠤ ᠶᠢ ᠥᠷᠨᠢᠭᠦᠯᠵᠦ᠂ ᠣᠯᠠᠨ ᠲᠦᠮᠡᠨ ᠤ ᠡᠵᠡᠨ ᠬᠥᠮᠦᠨ ᠤ ᠤᠬᠠᠮᠰᠠᠷ ᠢ | ᠴᠢᠩᠭᠠᠳᠬᠠᠪᠠ᠃ | ︽ᠲᠤᠤᠷᠵᠢᠭᠤᠯᠤᠯᠳᠠ + ᠬᠡᠰᠡᠭ ᠬᠤᠪᠢᠶᠠᠨ ᠳᠠᠭᠠᠭᠠᠴᠢᠯᠠᠬᠤ︾ ᠬᠠᠮᠢᠶᠠᠷᠤᠯᠲᠠ ᠶᠢᠨ ᠵᠠᠭᠪᠤᠷ ᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠬᠡᠰᠡᠭ | ᠣᠷᠣᠨ ᠢ ᠬᠤᠪᠢᠶᠠᠷᠢᠯᠠᠵᠤ᠂ ᠪᠠᠯᠭᠠᠰᠤ ᠲᠣᠰᠬᠤᠨ ᠤ ᠺᠠᠳ᠋ᠷ᠂ ᠴᠡᠪᠡᠷᠯᠡᠭᠴᠢ᠂ ᠲᠣᠰᠬᠤᠨ ᠤ ᠠᠷᠠᠳ ᠭᠤᠷᠪᠠᠨ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠤᠨ ︽ᠲᠠᠬᠢᠨ ᠪᠤᠴᠠᠬᠤ ᠦᠭᠡᠢ︾ ᠪᠠᠶᠢᠬᠤ ᠶᠢ ᠪᠠᠳᠤᠯᠠᠨ᠎ᠠ᠃ ᠡᠳᠦᠷ ᠲᠤᠲᠤᠮ ᠤᠨ ᠲᠣᠭᠤᠷᠢᠨ | ᠪᠠᠶᠢᠴᠠᠭᠠᠬᠤ ᠲᠣᠭᠲᠠᠴᠠ ᠶᠢ ᠵᠡᠷᠭᠡᠪᠡᠷ ᠲᠡᠭᠦᠯᠳᠡᠷᠵᠢᠭᠦᠯᠵᠦ᠂ ᠳᠠᠪᠲᠠᠨ ᠪᠠᠶᠢᠴᠠᠭᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠵᠤ ᠠᠳᠠᠯᠢᠳᠬᠠᠨ | ᠰᠢᠯᠭᠠᠷᠠᠭᠤᠯᠬᠤ ᠪᠠᠷ ᠳᠠᠮᠵᠢᠭᠤᠯᠤᠨ᠂ ᠣᠷᠴᠢᠨ ᠠᠬᠤᠶ ᠶᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠠᠬᠢᠭᠤᠯᠵᠤ᠂ ᠠᠶᠢᠯ ᠲᠣᠰᠬᠤᠨ ᠢ ︽ | ᠨᠢᠭᠡᠨ ᠦᠶ᠎ᠡ ᠠᠷᠢᠭᠤᠨ ᠴᠡᠪᠡᠷ︾ ᠪᠠᠶᠢᠭᠰᠠᠨ ᠠᠴᠠ ︽ᠣᠷᠳᠣ ᠬᠤᠭᠤᠴᠠᠭ᠎ᠠ ᠪᠠᠷ ᠭᠤᠶᠤ︾ ᠪᠣᠯᠭᠠᠨ᠎ᠠ᠃ | ᠳᠠᠷᠠᠭᠠᠴᠢ ᠶᠢᠨ ᠠᠯᠬᠤᠮ ᠳᠤ᠂ ᠪᠣᠷᠣᠠᠤᠰᠤ ᠪᠠᠯᠭᠠᠰᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠭᠠᠷᠳᠠᠴᠠ | ᠪᠣᠯᠭᠠᠵᠤ᠂ ᠠᠮᠢ ᠠᠬᠤᠢ ᠶᠢᠨ ᠰᠠᠭᠤᠷᠢ ᠥᠩᠭᠡ ᠶᠢ ᠭᠡᠷᠡᠯᠳᠦᠭᠦᠯᠵᠦ᠂ ︽ᠡᠷᠦᠬᠡ ᠪᠣᠯᠭᠠᠨ ᠣᠷᠣᠯᠴᠠᠵᠤ᠂ ᠲᠣᠰᠬᠤᠨ ᠪᠣᠯᠭᠠᠨ ᠰᠢᠨᠡᠳᠬᠡᠭᠰᠡᠨ︾ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠵᠢᠷᠤᠭᠯᠠᠬᠤ ᠪᠣᠯᠤᠨ᠎ᠠ᠃ |