︽ᠰᠤᠶᠤᠯ ᠤᠨ ᠠᠭᠤᠰᠤᠯᠴᠠᠯ ᠠᠵᠤ ᠦᠢᠯᠡᠰ ᠤᠨ ᠨᠢᠭ᠌ᠳᠡᠷᠡᠯ︾ ᠬᠤᠯᠪᠤᠭᠠᠯᠠᠨ ᠡᠭᠦᠳᠴᠦ ᠬᠠᠮᠳᠤ ᠪᠠᠷ ᠪᠠᠶᠢᠭᠤᠯᠬᠤ ᠠᠵᠢᠯᠯᠠᠭᠠᠨ ᠶᠠᠪᠤᠭᠳᠠᠪᠠ
ᠨᠡᠶᠢᠲᠡᠯᠡᠭᠰᠡᠨ ᠴᠠᠭ᠄
2025/5/22
      5 ᠰᠠᠷ᠎ᠠ ᠶᠢᠨ 21᠎ ᠤ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠵᠢᠷᠭᠠᠯ ᠤᠨ ᠵᠠᠮ ᠰᠤᠮᠤ ᠶᠢᠨ ᠴᠠᠭᠠᠬᠤᠰᠤ ᠭᠠᠴᠠᠭ᠎ᠠ ᠪᠣᠯᠤᠨ ᠪᠠᠭᠠᠷᠢᠨ ᠵᠡᠭᠦᠨ ᠬᠤᠰᠢᠭᠤᠨ ᠤ ᠴᠠᠭᠠᠨᠬᠠᠳᠠ ᠰᠤᠮᠤ ᠶᠢᠨ ᠤᠯᠠᠭᠠᠨᠭᠡᠷᠡᠯ ᠭᠠᠴᠠᠭ᠎ᠠ ᠨᠢ ᠬᠠᠮᠳᠤᠷᠠᠨ ︽ᠰᠣᠶᠣᠯ ᠤᠨ ᠠᠭᠤᠰᠤᠯᠴᠠᠯ᠂ ᠠᠵᠤ ᠦᠢᠯᠡᠰ ᠤᠨ ᠨᠢᠭ᠌ᠳᠡᠷᠡᠯ︾ ᠬᠠᠮᠲᠤ ᠪᠠᠷ ᠪᠠᠶᠢᠭᠤᠯᠬᠤ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠰᠢᠶᠤᠤ ᠬᠤᠶ᠂ ᠪᠠᠭᠠᠷᠢᠨ ᠵᠡᠭᠦᠨ ᠬᠤᠰᠢᠭᠤᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ᠂ ᠬᠤᠶᠠᠷ ᠭᠠᠵᠠᠷ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠤᠮᠤ᠂ ᠭᠠᠴᠠᠭᠠᠨ ᠤ ᠬᠠᠷᠢᠭᠤᠴᠠᠯᠭᠠᠲᠠᠨ᠂ ᠮᠠᠯᠴᠢᠨ ᠲᠠᠷᠢᠶᠠᠴᠢᠨ ᠤ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠶ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ︽ᠬᠤᠯᠪᠤᠭᠠᠯᠠᠨ ᠡᠭᠦᠳᠴᠦ ᠬᠠᠮᠲᠤ ᠪᠠᠷ ᠪᠠᠶᠢᠭᠤᠯᠬᠤ ᠪᠠᠶᠢᠯᠳᠤᠬᠤ ᠪᠤᠳᠣᠯᠭ᠎ᠠ ᠶᠢᠨ ᠬᠠᠮᠳᠤᠷᠠᠨ ᠠᠵᠢᠯᠯᠠᠭᠴᠢ︾᠎ ᠶᠢᠨ ᠫᠠᠶᠢᠰᠠ ᠡᠯᠭᠦᠬᠦ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠬᠠᠷᠢᠯᠴᠠᠨ ᠪᠡᠯᠡᠭᠯᠡᠬᠦ᠂ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠵᠡᠷᠭᠡ ᠭᠤᠭᠴᠤᠭ᠎ᠠ ᠶᠢ ᠶᠠᠪᠤᠭᠳᠠᠭᠤᠯᠵᠤ᠂ ︽  ᠬᠠᠷᠢᠯᠴᠠᠨ ᠰᠡᠳᠬᠢᠯ ᠳᠡᠭᠡᠨ ᠪᠤᠳᠤᠬᠤ︾ ᠨᠥᠬᠦᠷᠯᠡᠯ ᠢ ᠬᠠᠷᠠᠭᠤᠯᠪᠠ᠃ ᠡᠭᠦᠨ ᠤ ᠬᠠᠮᠲᠤ᠂ ᠰᠣᠶᠣᠯ ᠤᠨ ᠪᠦᠲᠦᠭᠡᠯᠴᠢ ᠰᠡᠳᠬᠢᠮᠵᠢ ᠶᠢᠨ ᠦᠵᠡᠭᠦᠯᠭᠡ ᠶᠢᠨ ᠲᠣᠭᠤᠷᠢᠭ ᠢ ᠪᠠᠶᠢᠭᠤᠯᠵᠤ᠂ ᠤᠷᠠᠯᠢᠭ ᠤᠨ ᠦᠵᠡᠭᠦᠯᠦᠯᠭᠡ ᠶᠢᠨ ᠵᠦᠢᠯᠡᠰ ᠢ ᠨᠢᠳᠦ ᠳᠦᠭᠦᠷᠡᠩ ᠲᠠᠯᠪᠢᠵᠤ᠂ ᠬᠤᠷᠠᠯ ᠳᠤ ᠣᠷᠣᠯᠴᠠᠭᠰᠠᠳ ᠤᠨ ᠰᠣᠨᠢᠷᠬᠠᠯ ᠢ ᠲᠠᠲᠠᠪᠠ᠃ ᠳᠠᠷᠠᠭ᠎ᠠ ᠨᠢ᠂ ᠬᠤᠷᠠᠯ ᠳᠤ ᠣᠷᠣᠯᠴᠠᠭᠰᠠᠳ ᠤᠯᠠᠭᠠᠨᠭᠡᠷᠡᠯ ᠭᠠᠴᠠᠭᠠᠨ ᠤ ᠺᠠᠩ ᠲᠥᠩ ᠦᠬᠡᠷ ᠤᠨ ᠦᠢᠯᠡᠰ ᠤᠨ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠣᠯᠤᠨ ᠠᠷᠤ ᠵᠤᠤ ᠭᠠᠴᠠᠭᠠᠨ ᠤ ᠮᠠᠨᠳᠤᠯ ᠠᠮᠢ ᠠᠬᠤᠢ ᠶᠢᠨ ᠮᠠᠯᠵᠢᠯ ᠤᠨ ᠲᠠᠯᠠᠪᠠᠢ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠮᠠᠯ ᠠᠵᠤ ᠠᠬᠤᠢ ᠶᠢᠨ ᠬᠥᠭᠵᠢᠯᠲᠡ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠳᠤ ᠭᠦᠨᠵᠡᠭᠡᠢ ᠰᠠᠨᠠᠯ ᠢᠶᠠᠨ ᠰᠣᠯᠢᠯᠴᠠᠪᠠ᠃     ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠷᠣᠨ ᠪᠦᠰᠡ ᠠᠯᠤᠰᠯᠠᠭᠰᠠᠨ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠬᠥᠮᠦᠰ ᠤᠨ ᠶᠠᠪᠤᠯᠴᠠᠭ᠎ᠠ᠂ ᠰᠣᠶᠣᠯ ᠤᠨ ᠠᠭᠤᠰᠤᠯᠴᠠᠯ᠂ ᠠᠵᠤ ᠦᠢᠯᠡᠰ ᠤᠨ ᠬᠠᠮᠵᠢᠯᠴᠠᠭᠠᠨ ᠤ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ︽ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠬᠦ᠂ ᠬᠠᠷᠢᠯᠴᠠᠨ ᠰᠤᠷᠤᠯᠴᠠᠵᠦ ᠬᠠᠷᠢᠯᠴᠠᠨ ᠲᠤᠯᠢᠳᠠᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ︾ ᠬᠠᠷᠢᠯᠴᠠᠨ ᠰᠢᠭᠢᠳᠬᠦ ᠬᠡᠯᠪᠡᠷᠢ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ︽ᠠᠭᠤᠯᠠ ᠤᠰᠤᠨ ᠤ ᠬᠤᠯᠪᠤᠭᠠᠨ ᠤ ᠭᠡᠷ᠎ᠡ︾᠎ ᠶᠢ ᠨᠡᠩ ᠡᠯᠪᠡᠭ ᠪᠠᠶᠠᠯᠢᠭ ᠦᠷ᠎ᠡ ᠪᠦᠲᠦᠭᠡᠯ ᠭᠠᠷᠭᠠᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ