| | | | 5 ᠰᠠᠷ᠎ᠠ ᠶᠢᠨ 20 ᠤ ᠡᠳᠦᠷ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠬᠡ ᠶᠢᠨ ᠦᠢᠯᠡᠴᠢᠯᠡᠬᠡᠨ ᠤ ᠲᠥᠪ ᠲᠠᠢ ᠬᠠᠮᠲᠤᠷᠠᠨ ᠡᠷᠭᠢᠯᠡᠭᠰᠡᠨ ᠪᠠᠭᠠᠷᠢᠨ ᠪᠠᠷᠠᠭᠤᠨ ᠬᠤᠰᠢᠭᠤᠨ ᠤ ︽ᠠᠨᠠᠷ ᠤᠨ ᠦᠷ᠎ᠡ ᠰᠡᠳᠬᠢᠯ ᠬᠤᠯᠪᠤᠯᠴᠠᠬᠤ︾ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠴᠠᠭᠠᠨᠨᠠᠭᠤᠷ ᠪᠠᠯᠭᠠᠰᠤᠨ ᠳᠤ ᠶᠠᠪᠤᠭᠳᠠᠪᠠ᠃ ᠭᠡᠰᠡᠷ ᠤᠨ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ︽ᠣᠴᠢ ᠠᠨᠠᠷ︾ ᠤᠬᠠᠭᠤᠯᠤᠨ ᠲᠠᠶᠢᠯᠪᠤᠷᠢᠯᠠᠬᠤ ᠬᠤᠪᠢᠶᠠᠷᠢ ᠠᠩᠬᠢ ᠶᠢᠨ ᠤᠬᠠᠭᠤᠯᠤᠨ ᠲᠠᠶᠢᠯᠪᠤᠷᠢᠯᠠᠭᠴᠢ ᠰᠢ ᠶᠢᠨ | ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠡᠳᠦᠪ ᠪᠣᠯᠭᠠᠵᠤ᠂ ᠰᠤᠮᠤ ᠪᠠᠯᠭᠠᠰᠤ᠂ ᠭᠠᠴᠠᠭ᠎ᠠ | ᠲᠣᠰᠬᠤᠨ ᠤ ᠨᠠᠮ ᠤᠨ ᠭᠡᠰᠢᠭᠦᠨ ᠺᠠᠳ᠋ᠷᠴᠤᠳ ᠲᠤ ᠤᠬᠠᠭᠤᠯᠤᠨ ᠲᠠᠶᠢᠯᠪᠤᠷᠢᠯᠠᠪᠠ᠃ | ᠤᠬᠠᠭᠤᠯᠤᠨ ᠲᠠᠶᠢᠯᠪᠤᠷᠢᠯᠠᠭᠴᠢ ᠶᠠᠭᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ | ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠭᠦᠨᠵᠡᠭᠡᠢ ᠠᠭᠤᠯᠤᠭᠳᠠᠬᠤᠨ᠂ ᠲᠡᠦᠬᠡᠲᠦ ᠠᠴᠢ ᠬᠤᠯᠪᠣᠭᠳᠠᠯ ᠪᠠ | ᠦᠢᠯᠡᠳᠦᠯᠭᠡ ᠶᠢᠨ ᠱᠠᠭᠠᠷᠳᠠᠯᠭ᠎ᠠ ᠶᠢ ᠰᠢᠰᠲ᠋ᠧᠮ ᠲᠠᠢ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠭᠰᠠᠨ ᠠᠭᠤᠯᠭ᠎ᠠ ᠨᠢ ᠪᠠᠶᠠᠯᠢᠭ ᠪᠠᠶᠢᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠭᠦᠨᠵᠡᠭᠡᠶ ᠲᠠᠶᠢᠯᠤᠮᠵᠢ ᠬᠢᠵᠤ᠂ ᠨᠠᠮ ᠤᠨ ᠭᠡᠰᠢᠭᠦᠨ ᠺᠠᠳ᠋ᠷᠴᠤᠳ ᠤᠨ ︽ | ᠲᠠᠪᠤᠨ ᠬᠠᠮᠲᠤ ᠶᠢᠨ ᠲᠠᠨᠢᠯᠲᠠ︾ ᠶᠢᠨ ᠲᠤᠬᠠᠶ ᠲᠠᠨᠢᠯᠲᠠ ᠪᠠ ᠣᠶᠢᠯᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠣᠯ ᠵᠢᠷᠭᠠᠯᠲᠤ ᠪᠠᠭᠠᠷᠢᠨ ᠪᠠᠷᠠᠭᠤᠨ | ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠪᠡ᠃ | ᠵᠠᠯᠭᠠᠭᠠᠳ᠂ ᠭᠡᠰᠡᠷ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ︽ᠣᠴᠢ ᠠᠨᠠᠷ︾ ᠤᠬᠠᠭᠤᠯᠤᠨ ᠲᠠᠶᠢᠯᠪᠤᠷᠢᠯᠠᠬᠤ ᠬᠤᠪᠢᠶᠠᠷᠢ ᠠᠩᠭᠢ ᠤᠬᠠᠭᠤᠯᠤᠨ | ᠲᠠᠶᠢᠯᠪᠤᠷᠢᠯᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠰᠤᠮᠤ ᠪᠠᠯᠭᠠᠰᠤ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ ᠳᠤ | ᠭᠦᠨᠵᠡᠭᠡᠶᠢᠷᠡᠨ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠳᠤ ᠥᠨᠴᠥᠭ ᠪᠤᠯᠤᠩ ᠥᠬᠡᠶ ᠪᠠᠶᠢᠬᠤ ᠶᠢ ᠪᠠᠲᠤᠯᠠᠵᠤ᠂ | ᠤᠬᠠᠭᠤᠯᠤᠨ ᠲᠠᠶᠢᠯᠪᠤᠷᠢᠯᠠᠬᠤ ᠠᠭᠤᠯᠭ᠎ᠠ ᠪᠠᠨ ᠲᠠᠰᠤᠷᠠᠯᠲᠠ ᠥᠬᠡᠶ ᠰᠢᠨᠡᠳᠬᠡᠵᠦ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠣᠯᠠᠨ ᠲᠦᠮᠡᠨ ᠲᠠᠢ ᠨᠠᠩ | ᠣᠶᠢᠷᠠᠲᠤᠭᠤᠯᠵᠤ᠂ ᠬᠥᠮᠦᠰ ᠤᠨ ᠰᠡᠳᠬᠢᠯ ᠳᠤ ᠨᠠᠩ ᠬᠠᠳᠠᠩᠰᠢᠭᠤᠯᠵᠤ᠂ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ | ᠰᠢᠨ᠎ᠡ ᠥᠨᠳᠥᠷ ᠳᠠᠰᠢ ᠤᠷᠤᠭᠰᠢᠯᠠᠬᠤ ᠶᠢ ᠠᠬᠢᠭᠤᠯᠬᠤ ᠪᠣᠯᠤᠨ᠎ᠠ᠃ | | |