| | | 5 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠵᠠᠩ ᠰᠢᠤᠸᠠᠢ ᠯᠸᠢ ᠪᠦᠯᠬᠦᠮ ᠳᠠᠭᠠᠭᠤᠯᠤᠨ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢ | ᠬᠦᠴᠦᠷᠬᠡᠭᠵᠢᠭᠦᠯᠦᠭᠰᠡᠨ ᠠᠵᠢᠯ ᠤᠨ ᠪᠠᠶᠢᠳᠠᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠱᠢ ᠱᠠᠩ ᠬᠤᠢ ᠪᠠᠶᠢᠴᠭᠠᠠᠨ ᠰᠤᠳᠤᠯᠤᠯᠳᠠ ᠳᠤ ᠣᠷᠣᠯᠴᠠᠵᠤ᠂ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠳ᠋ᠠᠪᠠᠨ ᠪᠠᠯᠭᠠᠰᠤ᠂ ᠴᠠᠭᠠᠠᠨᠠᠭᠤᠷ ᠪᠠᠯᠭᠠᠰᠤ᠂ ᠪᠣᠷᠣᠠᠤᠰᠤ ᠪᠠᠯᠭᠠᠰᠤ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠰᠠᠶᠢᠨ | ᠡᠭᠦᠯᠳᠡᠷ ᠢ ᠦᠷᠡᠵᠢᠭᠦᠯᠦᠨ ᠳᠡᠯᠭᠡᠷᠡᠭᠦᠯᠬᠦ᠂ ᠮᠢᠬᠠᠨ ᠦᠬᠡᠷ ᠮᠢᠬᠠᠨ ᠬᠤᠨᠢ ᠶᠢ ᠲᠡᠵᠢᠭᠡᠨ ᠦᠷᠡᠵᠢᠭᠦᠯᠬᠦ᠂ ᠤᠨᠴᠠᠯᠢᠬᠳᠤ ᠲᠠᠷᠢᠮᠠᠯ᠂ ᠴᠠᠭᠠᠨ ᠢᠳᠡᠭᠡ ᠡᠳ᠋ᠰᠢᠭᠦᠯᠬᠦ᠂ | ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠰᠤᠳᠤᠯᠪᠠ᠃ | ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠰᠢᠭᠤᠨ ᠤ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠢ ᠬᠦᠴᠦᠷᠬᠡᠭᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠬᠦᠴᠦᠷᠬᠡᠭᠵᠢᠭᠦᠯᠬᠦ ᠨᠢ | ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠬᠤᠰᠢᠭᠤᠨ ᠤ ᠵᠠᠰᠠᠭ ᠤᠨ ᠣᠷᠳᠣᠨ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠠᠷᠢᠶᠠᠯᠠᠩ ᠮᠠᠯ ᠠᠵᠤ ᠠᠬᠤᠶ ᠶᠢᠨ | ᠣᠳᠣᠬᠢᠴᠢᠯᠠᠯᠲᠠ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ︽ᠦᠬᠡᠷ᠂ ᠬᠤᠨᠢ᠂ ᠰᠦ᠂ ᠡᠪᠡᠰᠦ︾ ᠵᠡᠷᠭᠡ 4 ᠶᠡᠭᠡ ᠠᠵᠤ ᠦᠢᠯᠡᠰ ᠲᠤ | ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠡᠯᠬᠢᠶᠡᠨ ᠤ ᠰᠡᠳᠬᠢᠬᠦᠶ ᠪᠠᠷ ᠲᠠᠷᠢᠶᠠᠯᠠᠩ ᠮᠠᠯ ᠠᠵᠤ ᠠᠬᠤᠶ ᠶᠢᠨ ᠲᠠᠰ ᠳᠡᠪᠰᠢᠬᠦ ᠶᠢ ᠠᠬᠢᠭᠤᠯᠵᠤ᠂ ᠲᠠᠷᠢᠶᠠᠯᠠᠩ ᠮᠠᠯ | ᠠᠵᠤ ᠠᠬᠤᠶ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠴᠢᠨᠠᠷ ᠰᠠᠶᠢᠲᠠᠶ ᠪᠥᠲᠥᠭᠡᠨ ᠪᠠᠶᠢᠭᠤᠯᠬᠤ ᠬᠡᠷᠡᠭᠲᠡᠶ᠃ ᠳᠥᠭᠦᠮ ᠳᠥᠲᠡ ᠥᠨᠳᠥᠷ ᠪᠦᠲᠦᠮᠵᠢᠲᠡᠶ᠂ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠡᠯ᠎ᠡ ᠭᠤᠭᠴᠤᠭ᠎ᠠ ᠶᠢ ᠬᠠᠮᠤᠷᠤᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠦᠷᠭᠡᠨ | ᠪᠠᠶᠢᠭᠤᠯᠵᠤ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ | ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ ᠭᠡᠵᠠᠢ᠃ | |