| | | | 5 ᠰᠠᠷ᠎ᠠ ᠶᠢᠨ 24 ᠤ ᠡᠳᠦᠷ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠬᠤᠰᠢᠭᠤᠨ ᠤ | ᠮᠦᠽᠧᠶ᠂ ᠬᠤᠰᠢᠭᠤᠨ ᠤ ᠬᠡᠯᠡ ᠶᠠᠷᠢᠶᠠᠨ ᠤ ᠨᠡᠶᠢᠭᠡᠮᠯᠢᠭ ᠬᠠᠮᠲᠤᠷᠠᠨ ︽ᠪᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ ᠵᠢᠷᠭᠤᠭᠠᠨ | ᠰᠠᠷ᠎ᠠ ᠶᠢᠨ ᠨᠢᠭᠡᠨ ᠢ ᠪᠡᠯᠭᠡᠯᠡᠶ᠎ᠡ︾ ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ | ᠲᠤᠰ ᠤᠳᠠᠭᠠᠨ ᠤ ᠠᠵᠢᠯᠯᠠᠭ᠎ᠠ ᠨᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠢᠷᠡᠯᠳᠡ ᠶᠢᠨ ᠲᠠᠶᠢᠯᠪᠤᠷᠢᠯᠠᠯᠲᠠ᠂ ᠴᠠᠭᠠᠰᠤᠨ | ᠨᠢᠰᠬᠡᠬᠦᠷ ᠤᠨ ᠲᠡᠦᠬᠡ ᠶᠢᠨ ᠡᠬᠢ ᠰᠤᠷᠪᠤᠯᠵᠢ ᠶᠢᠨ ᠲᠤᠬᠠᠢ ᠲᠠᠶᠢᠯᠪᠤᠷᠢᠯᠠᠯᠳᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠮᠡᠳᠡᠯᠭᠡ ᠶᠢᠨ ᠠᠰᠠᠭᠤᠯᠲᠠ | ᠬᠠᠷᠢᠭᠤᠯᠲᠠ ᠶᠢᠨ ᠤᠷᠤᠯᠳᠤᠭᠠᠨ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠭᠤᠤᠯ ᠰᠡᠳᠦᠪᠲᠦ ᠤᠷᠠᠨ ᠪᠢᠴᠢᠯᠭᠡ ᠶᠢᠨ ᠪᠦᠲᠦᠭᠡᠯ᠂ ᠪᠦᠲᠦᠭᠡᠯᠴᠢ ᠰᠠᠨᠠᠭ᠎ᠠ ᠲᠠᠢ | ᠴᠠᠭᠠᠰᠤᠨ ᠨᠢᠰᠬᠡᠭᠦᠷ ᠦᠢᠯᠡᠳᠬᠦ ᠵᠡᠷᠭᠡ ᠲᠠᠪᠤᠨ ᠶᠡᠭᠡ ᠭᠤᠭᠴᠤᠭ᠎ᠠ ᠪᠠᠷ᠂ ᠬᠡᠦᠬᠡᠳ ᠤᠳ ᠲᠤ ᠨᠢᠭᠡ ᠤᠳᠠᠭᠠᠨ ᠤ ᠪᠠᠶᠠᠷ ᠴᠡᠩᠭᠡᠯ ᠳᠤ ᠲᠤᠮᠳᠡ ᠰᠤᠷᠭᠠᠨ | ᠬᠦᠮᠦᠵᠢᠬᠦᠯᠵᠦ ᠤᠯᠠᠮᠵᠢᠯᠠᠯᠲᠤ ᠰᠣᠶᠣᠯ ᠢ ᠤᠬᠠᠭᠤᠯᠤᠨ ᠤᠶᠢᠯᠠᠭᠠᠭᠤᠯᠪᠠ᠃ | ᠲᠣᠰ ᠤᠳᠠᠭᠠᠨ ᠤ ᠠᠵᠢᠯᠯᠠᠭ᠎ᠠ ᠨᠢ ᠬᠡᠦᠬᠡᠳ ᠲᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠭᠦᠨᠵᠡᠭᠡᠶ ᠮᠡᠳᠡᠷᠡᠭᠦᠯᠵᠦ᠂ | ᠣᠯᠠᠨ ᠢᠶᠠᠷ ᠢᠶᠠᠨ ᠪᠡᠶᠠᠷ ᠴᠡᠩᠭᠡᠯ ᠤᠨ ᠲᠤᠮᠳᠡ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠡᠶᠠᠷ ᠢ ᠮᠡᠳᠡᠷᠡᠵᠦ ᠦᠢᠯᠠᠭᠠᠭᠰᠠᠨ ᠪᠠᠶᠢᠨ᠎ᠠ᠃ ᠲᠠᠷᠠᠭᠠᠴᠢ ᠶᠢᠨ | ᠠᠯᠬᠤᠮ ᠳᠤ᠂ ᠮᠠᠨ ᠤ ᠬᠤᠰᠢᠭᠤ ᠡᠯᠪᠡᠭ ᠪᠠᠶᠠᠯᠢᠭ ᠠᠭᠤᠯᠭ᠎ᠠ ᠲᠠᠢ ᠠᠷᠠᠳ ᠤᠨ ᠵᠠᠩ ᠦᠢᠯᠡ ᠶᠢᠨ ᠭᠤᠤᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠵᠣᠬᠢᠶᠠᠨ | ᠪᠠᠶᠢᠭᠤᠯᠵᠤ᠂ ᠠᠵᠢᠯᠯᠠᠭ᠎ᠠ ᠶᠢᠨ ᠬᠡᠯᠪᠡᠷᠢ ᠪᠠ ᠠᠭᠤᠯᠭ᠎ᠠ ᠶᠢ ᠲᠠᠰᠤᠷᠠᠯᠲᠠ ᠥᠬᠡᠶ ᠰᠢᠨᠡᠴᠢᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠪᠠᠳᠠᠷᠠᠭᠤᠯᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠰᠢᠨ᠎ᠡ ᠴᠠᠭ ᠦᠶ᠎ᠡ ᠳᠤ ᠨᠠᠩ ᠭᠤᠶᠢᠳᠠ ᠰᠠᠶᠢᠬᠠᠨ ᠪᠣᠯᠭᠠᠨ᠎ᠠ᠃ |