| | | 5 ᠰᠠᠷ᠎ᠠ ᠶᠢᠨ 23 ᠤ ᠡᠳᠦᠷ᠂ ᠤᠯᠠᠭᠠᠨᠬᠠᠳᠠ ᠶᠢᠨ ᠳ᠋ᠠᠪᠠᠨ ᠴᠡᠷᠢᠭ ᠤᠨ ᠢᠳᠡᠭᠡᠨ ᠤᠮᠳᠠᠭᠠᠨ ᠬᠠᠩᠭᠠᠬᠤ ᠥᠷᠲᠡᠭᠡ ᠠᠴᠠ ᠪᠣᠳᠠᠲᠤ ᠪᠠᠶᠢᠯᠳᠤᠭᠠᠨ ᠤ | ᠴᠡᠷᠢᠭ ᠤᠨ ᠬᠠᠩᠭᠠᠯᠭ᠎ᠠ ᠶᠢ ᠪᠠᠲᠤᠯᠠᠬᠤ ᠭᠤᠤᠯ ᠰᠡᠳᠦᠪᠲᠦ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠤᠯᠠᠭᠠᠨᠬᠠᠳᠠ ᠶᠢᠨ ᠳ᠋ᠠᠪᠠᠨ ᠴᠡᠷᠢᠭ ᠤᠨ ᠢᠳᠡᠭᠡᠨ ᠤᠮᠳᠠᠭᠠᠨ ᠬᠠᠩᠭᠠᠬᠤ ᠥᠷᠲᠡᠭᠡ ᠶᠢᠨ ᠰᠣᠷᠢᠯᠲᠠ ᠨᠢ ᠪᠣᠳᠠᠲᠤ ᠪᠠᠶᠢᠯᠳᠤᠭᠠᠨ ᠤ ᠠᠬᠤᠶ ᠪᠠᠶᠢᠳᠠᠯ ᠢ | ᠳᠠᠭᠤᠷᠢᠶᠠᠵᠤ᠂ ᠴᠡᠷᠢᠭ ᠠᠩᠭᠢ ᠶᠢᠨ ᠬᠢᠯᠢ ᠥᠩᠭᠡᠷᠡᠬᠦ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠪᠠᠷ ᠡᠭᠦᠷᠭᠡ ᠪᠣᠯᠭᠠᠨ ᠲᠣᠬᠢᠷᠠᠭᠤᠯᠵᠤ᠂ ᠳᠤᠭᠤᠶᠢᠯᠠᠩ | ᠬᠤᠪᠢᠶᠠᠨ ᠬᠠᠮᠵᠢᠯᠴᠠᠨ ᠬᠢᠪᠡ᠃ ᠬᠤᠳᠠᠯᠳᠤᠨ ᠠᠪᠬᠤ ᠳᠤᠭᠤᠶᠢᠯᠠᠩ ᠲᠡᠷᠡ ᠳᠠᠷᠤᠶ ᠳᠤᠨᠢ ᠵᠠᠬ᠎ᠠ ᠳᠡᠯᠭᠡᠭᠦᠷ ᠲᠤ ᠬᠦᠷᠴᠦ᠂ ᠢᠳᠡᠭᠡᠨ ᠤ ᠮᠠᠲ᠋ᠧᠷᠢᠶᠠᠯ ᠬᠤᠳᠠᠯᠳᠤᠨ | ᠠᠪᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ ᠢᠳᠡᠭᠡᠨ ᠤ ᠮᠠᠲ᠋ᠧᠷᠢᠶᠠᠯ ᠢ ᠰᠢᠯᠢᠨ ᠰᠤᠩᠭᠤᠪᠠ︔ ᠲᠣᠭᠤᠭᠠᠨ ᠬᠡᠷ ᠤᠨ ᠳᠤᠭᠤᠶᠢᠯᠠᠩ ᠤᠨ ᠲᠣᠭᠤᠭᠠᠴᠢ ᠨᠠᠷ ᠦᠳᠲᠡᠷ | ᠲᠦᠷᠭᠡᠨ ᠠᠵᠢᠯ ᠤᠨ ᠪᠠᠶᠢᠷᠢ ᠳᠠᠭᠠᠨ ᠬᠦᠷᠴᠦ᠂ ᠬᠤᠭᠤᠯᠠᠨ ᠤ ᠶᠠᠰᠤ ᠴᠢᠨᠠᠷ ᠢ ᠦᠨᠡᠨ ᠬᠦ ᠪᠠᠲᠤᠯᠠᠬᠤ ᠶᠢᠨ ᠬᠠᠮᠲᠤ ᠲᠦᠷᠭᠡᠨ ᠲᠤᠭᠤᠭ᠎ᠠ ᠠᠴᠠ ᠭᠠᠷᠭᠠᠬᠤ ᠶᠢ | ᠦᠨᠡᠨ ᠬᠦ ᠪᠠᠳᠤᠯᠠᠪᠠ︔ ᠬᠤᠪᠢᠶᠠᠨ ᠰᠠᠪᠠᠯᠠᠬᠤ ᠳᠤᠭᠤᠶᠢᠯᠠᠩ ᠨᠢ ᠪᠤᠳᠠᠭ᠎ᠠ ᠨᠤᠭᠤᠭ᠎ᠠ ᠶᠢ ᠡᠮᠬᠢ ᠵᠢᠷᠤᠮ ᠲᠠᠢ ᠪᠠᠷ ᠪᠣᠭᠴᠣ᠂ ᠬᠠᠶᠢᠷᠴᠠᠭ ᠲᠤ ᠰᠠᠪᠠᠯᠠᠵᠤ᠂ ᠢᠳᠡᠭᠡᠨ | ᠤᠮᠳᠠᠭᠠᠨ ᠢ ᠲᠡᠭᠡᠭᠡᠪᠦᠷᠢ ᠶᠢᠨ ᠶᠠᠪᠤᠴᠠ ᠳᠤ ᠪᠦᠷᠢᠨ ᠪᠦᠲᠦᠨ ᠪᠠᠶᠢᠬᠤ ᠶᠢ ᠪᠠᠳᠤᠯᠠᠨ᠎ᠠ︔ ᠲᠡᠭᠡᠭᠡᠪᠦᠷᠢ ᠶᠢᠨ ᠳᠤᠭᠤᠶᠢᠯᠠᠩ ᠬᠤᠭᠤᠯᠠ ᠵᠠᠭᠤᠰᠢ ᠪᠠᠨ ᠬᠠᠮᠤᠭ ᠤᠨ | ᠲᠦᠷᠭᠡᠨ ᠬᠤᠷᠳᠤᠴᠠ ᠪᠠᠷ ᠴᠠᠭ ᠲᠤᠬᠠᠶ ᠳᠤᠨᠢ ︽ᠪᠠᠲᠤᠯᠠᠭ᠎ᠠ ᠶᠢᠨ ᠴᠡᠭ︾ ᠲᠤ ᠬᠦᠷᠬᠡᠨ᠎ᠠ᠃ ᠬᠤᠭᠤᠯᠨ ᠪᠤᠳᠠᠭ᠎ᠠ ᠬᠢᠬᠦ᠂ ᠬᠤᠭᠤᠯᠨ ᠶᠢ ᠬᠤᠪᠢᠶᠠᠷᠢᠯᠠᠬᠤ᠂ | ᠪᠣᠭᠤᠳᠠᠯᠯᠠᠬᠤ᠂ ᠲᠤᠬᠢᠷᠠᠭᠤᠯᠤᠨ ᠬᠦᠷᠭᠡᠬᠦ ᠵᠡᠷᠭᠡ ᠭᠤᠭᠴᠤᠭ᠎ᠠ ᠶᠢᠨ ᠰᠣᠷᠢᠯᠲᠠ ᠶᠢ ᠵᠡᠷᠭᠡᠪᠡᠷ ᠶᠠᠪᠤᠭᠳᠠᠭᠤᠯᠵᠤ᠂ ᠠᠵᠢᠯᠲᠠᠳ ᠤᠨ ᠬᠠᠮᠵᠢᠯᠴᠠᠨ ᠪᠠᠲᠤᠯᠠᠬᠤ | ᠴᠢᠳᠠᠪᠤᠷᠢ ᠶᠢ ᠪᠦᠲᠦᠮᠵᠢᠲᠡᠢ ᠴᠢᠩᠭᠠᠳᠬᠠᠪᠠ᠃ | ᠲᠣᠰ ᠤᠳᠠᠭᠠᠨ ᠤ ᠰᠣᠷᠢᠯᠲᠠ ᠨᠢ ᠴᠡᠷᠢᠭ ᠤᠨ ᠬᠠᠩᠭᠠᠯᠭ᠎ᠠ ᠶᠢᠨ ᠥᠷᠲᠡᠭᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠪᠡᠯᠡᠳᠬᠡᠯ | ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠦᠲᠦᠮᠵᠢᠲᠡᠶ ᠰᠢᠯᠭᠠᠨ ᠪᠠᠶᠢᠴᠠᠭᠠᠵᠤ᠂ ᠠᠵᠢᠯᠲᠠᠨ ᠤ ᠪᠠᠴᠢᠮ ᠪᠠᠶᠢᠳᠠᠯ ᠢ | ᠠᠷᠭᠠᠴᠠᠭᠠᠬᠤ ᠴᠢᠳᠠᠪᠤᠷᠢ ᠪᠠ ᠬᠠᠮᠵᠢᠯᠴᠠᠨ ᠪᠠᠶᠢᠯᠳᠤᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠶᠢᠰᠢᠳᠠ ᠶᠢᠨ ᠣᠯᠠᠨ ᠶᠠᠩᠵᠤ ᠶᠢᠨ | ᠴᠡᠷᠢᠭ ᠤᠨ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠥᠨᠳᠥᠷ ᠪᠦᠲᠦᠮᠵᠢᠲᠡᠶ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ |