| | | | ᠣᠶᠢᠷ᠎ᠠ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2025 ᠣᠨ ᠤ ᠪᠥᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠶᠡᠭᠡ | ᠪᠣᠯᠪᠠᠰᠤᠷᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠶᠢᠨ ᠴᠢᠤᠸᠠᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ | ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ | ᠲᠣᠰ ᠤᠳᠠᠭᠠᠨ ᠤ ᠪᠥᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠶᠡᠭᠡ ᠰᠤᠷᠭᠠᠭᠤᠯᠢᠯᠠᠯ ᠨᠢ ᠣᠨᠣᠯ ᠤᠨ ᠰᠤᠷᠤᠯᠴᠠᠯᠭ᠎ᠠ ᠬᠢᠭᠡᠳ ᠦᠢᠯᠡᠳᠦᠯᠭᠡ ᠶᠢᠨ | ᠪᠣᠯᠪᠠᠰᠤᠷᠠᠯ ᠢ ᠭᠦᠨᠵᠡᠭᠡᠶ ᠠᠭᠤᠰᠤᠯᠴᠠᠭᠤᠯᠵᠤ᠂ ︽ᠣᠨᠣᠯ ᠤᠨ ᠰᠤᠳᠤᠯᠤᠨ ᠰᠤᠷᠤᠯᠴᠠᠬᠤ + ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠬᠦ + ᠦᠢᠯᠡᠳᠦᠯᠭᠡᠵᠢᠭᠦᠯᠦᠨ | ᠬᠤᠪᠢᠷᠠᠭᠤᠯᠬᠤ︾ ᠰᠤᠷᠤᠯᠴᠠᠯᠭ᠎ᠠ ᠶᠢᠨ ᠲᠣᠭᠲᠠᠴᠠ ᠶᠢ ᠪᠠᠶᠢᠭᠤᠯᠤᠨ᠂ ᠲᠤᠰᠬᠠᠶ ᠮᠡᠷᠭᠡᠵᠢᠯᠲᠡᠨ ᠢ ᠤᠷᠢᠵᠤ ᠲᠤᠰᠬᠠᠶ ᠰᠡᠳᠦᠪᠲᠦ ᠬᠢᠴᠢᠶᠡᠯ ᠨᠡᠭᠡᠭᠡᠵᠦ᠂ | ᠳᠣᠲᠣᠭᠠᠳᠤ ᠶᠢ ᠬᠠᠮᠠᠭᠠᠯᠠᠬᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠶᠢ ᠥᠷᠨᠢᠭᠦᠯᠵᠦ᠂ ᠺᠠᠳ᠋ᠷ | ᠴᠠᠭᠳᠠᠭ᠎ᠠ ᠶᠢᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ᠂ ᠬᠡᠷᠡᠭᠵᠢᠭᠦᠯᠬᠦ ᠴᠢᠳᠠᠪᠤᠷᠢ ᠶᠢ ᠭᠤᠤᠯᠳᠠᠯᠭ᠎ᠠ ᠲᠠᠢ ᠳᠡᠭᠡᠭᠰᠢᠯᠡᠭᠦᠯᠪᠡ᠃ | ᠪᠣᠳᠠᠲᠤ ᠪᠠᠶᠢᠯᠳᠤᠭᠠᠨ ᠤ ᠲᠠᠯ᠎ᠠ ᠪᠠᠷ ᠴᠠᠭᠳᠠᠭᠠᠨ ᠤ ᠶᠠᠪᠤᠳᠠᠯ ᠤᠨ ᠪᠠᠶᠢᠯᠳᠤᠬᠤ ᠮᠡᠷᠬᠡᠵᠢᠯ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ | ᠰᠢᠢᠳᠪᠦᠷᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠯᠲᠡ ᠵᠡᠷᠭᠡ ᠬᠢᠴᠢᠶᠡᠯ ᠲᠥᠷᠥᠯ ᠢ ᠪᠠᠶᠢᠷᠢᠯᠠᠭᠤᠯᠵᠤ᠂ ᠠᠬᠤᠶ ᠪᠠᠶᠢᠳᠠᠯ ᠢ ᠳᠠᠭᠤᠷᠢᠶᠠᠬᠤ᠂ ᠤᠯᠠᠭᠠᠨ | ᠬᠥᠬᠡ ᠲᠠᠯ᠎ᠠ ᠶᠢᠨ ᠲᠡᠮᠡᠴᠡᠬᠡᠨ ᠵᠡᠷᠭᠡ ᠪᠣᠳᠠᠲᠤ ᠳᠠᠶᠢᠨ ᠤ ᠪᠣᠯᠪᠠᠰᠤᠷᠠᠯ ᠤᠨ ᠵᠠᠭᠪᠤᠷ ᠢ ᠬᠡᠷᠡᠭᠯᠡᠵᠦ᠂ ᠭᠠᠭᠴᠠ ᠴᠠᠭᠳᠠᠭᠠᠨ ᠤ ᠪᠠᠶᠢᠯᠳᠤᠭᠠᠨ ᠪᠠ ᠪᠦᠯᠬᠦᠮ | ᠨᠡᠶᠢᠲᠡ ᠶᠢᠨ ᠬᠠᠮᠵᠢᠯᠴᠠᠬᠤ ᠴᠢᠳᠠᠪᠤᠷᠢ ᠶᠢ ᠴᠢᠩᠭᠠᠳᠬᠠᠪᠠ᠃ ᠲᠡᠷᠡᠴᠢᠯᠡᠨ ᠪᠠᠶᠢᠩᠭᠤᠵᠢᠭᠰᠠᠨ ᠡᠩᠨᠡᠭᠡᠨ ᠪᠣᠯᠪᠠᠰᠤᠷᠠᠯ᠂ ᠬᠠᠤᠯᠢ ᠬᠡᠷᠡᠭᠵᠢᠬᠦᠯᠬᠦ ᠵᠢᠷᠤᠮᠵᠢᠭᠰᠠᠨ | ᠰᠣᠷᠢᠯᠲᠠ ᠪᠠᠷ ᠳᠠᠮᠵᠢᠭᠤᠯᠤᠨ᠂ ᠴᠢᠩᠭ᠎ᠠ ᠰᠠᠬᠢᠯᠭ᠎ᠠ ᠪᠠᠲᠤ ᠶᠢᠨ ᠤᠬᠠᠮᠰᠠᠷ ᠪᠠ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠤᠭᠰᠠᠨ ᠠᠵᠢᠯ ᠮᠡᠷᠭᠡᠵᠢᠯ ᠤᠨ ᠬᠡᠪ | ᠪᠣᠯᠪᠠᠰᠤᠷᠠᠯ ᠢ ᠳᠠᠪᠲᠠᠨ ᠪᠣᠯᠪᠠᠰᠤᠷᠠᠭᠤᠯᠵᠤ᠂ ᠡᠩᠨᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ᠂ | ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠯᠲᠡ᠂ ᠤᠯᠠᠨ ᠲᠦᠮᠡᠨ ᠤ ᠠᠵᠢᠯ ︽ᠲᠦᠷᠪᠡᠨ ᠶᠡᠭᠡ ᠭᠤᠣᠯᠯᠠᠭᠴᠢ ᠴᠢᠳᠠᠪᠤᠷᠢ︾ ᠶᠢ ᠪᠦᠬᠦ ᠲᠠᠯ᠎ᠠ ᠪᠠᠷ | ᠲᠡᠭᠡᠭᠰᠢᠯᠡᠬᠦᠯᠦᠨ᠎ᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠳᠠᠲᠤ ᠪᠠᠶᠢᠯᠳᠤᠭᠠᠨ ᠤ ᠶᠡᠭᠡ ᠰᠤᠷᠭᠠᠭᠤᠯᠢᠯᠠᠯ ᠢ ᠨᠡᠶᠢᠲᠡ ᠭᠤᠷᠪᠠᠨ ᠬᠤᠭᠤᠴᠠᠭ᠎ᠠ ᠬᠤᠪᠢᠶᠠᠵᠤ᠂ ᠪᠥᠬᠦ | ᠠᠷᠠᠳ ᠤᠨ ᠴᠠᠭᠳᠠᠭ᠎ᠠ ᠪᠦᠯᠦᠭ ᠤᠳᠠᠭ᠎ᠠ᠂ ᠠᠵᠢᠯ ᠤᠨ ᠪᠠᠶᠢᠷᠢ ᠬᠤᠪᠢᠶᠠᠭᠰᠠᠨ ᠲᠤᠰᠬᠠᠶ ᠪᠣᠯᠪᠠᠰᠤᠷᠠᠯ ᠬᠢᠵᠦ᠂ ᠡᠩᠨᠡᠭᠡᠨ ᠤ ᠶᠡᠷᠦᠩᠬᠡᠶᠢᠯᠡᠭᠰᠡᠨ ᠬᠡᠪ ᠴᠢᠨᠠᠷ ᠪᠠ | ᠪᠣᠳᠠᠲᠤ ᠪᠠᠶᠢᠯᠳᠤᠭᠠᠨ ᠤ ᠦᠷ᠎ᠡ ᠪᠦᠲᠦᠮᠵᠢ ᠶᠢᠨ ︽ᠬᠤᠤᠰ ᠳᠡᠭᠡᠭᠰᠢᠯᠡᠯᠲᠡ︾ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠳᠤ ᠰᠢᠯᠭᠠᠷᠠᠭᠰᠠᠨ ᠳᠣᠲᠣᠭᠠᠳᠤ ᠶᠢ ᠬᠠᠮᠠᠭᠠᠯᠠᠬᠤ ᠬᠦᠴᠦᠨ ᠢ ᠳᠠᠪᠲᠠᠨ ᠪᠣᠯᠪᠠᠰᠤᠷᠠᠭᠤᠯᠤᠨ᠎ᠠ᠃ |