| | | 5 ᠰᠠᠷ᠎ᠠ ᠶᠢᠨ 23 ᠤ ᠡᠳᠦᠷ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠡᠷᠭᠢᠯᠡᠭᠰᠡᠨ ᠪᠥᠬᠦ ᠬᠤᠰᠢᠭᠤᠨ ᠤ ᠠᠵᠢᠯᠴᠢᠨ ᠤ ᠡᠪᠯᠡᠯ ᠤᠨ ᠺᠠᠳ᠋ᠷ ᠤᠨ | ᠪᠣᠯᠪᠠᠰᠤᠷᠠᠯ ᠤᠨ ᠠᠩᠭᠢ ᠲᠡᠭᠦᠰ ᠠᠮᠵᠢᠯᠲᠠ ᠲᠠᠢ ᠲᠡᠭᠦᠰᠪᠡ᠃ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠪᠥᠬᠦ ᠺᠠᠳ᠋ᠷ ᠠᠵᠢᠯᠲᠠᠨ ᠵᠢᠴᠢ ᠡᠯ᠎ᠡ | ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠲᠡᠷᠢᠭᠦᠯᠡᠭᠴᠢ ᠪᠠ ᠺᠠᠳ᠋ᠷ ᠨᠡᠶᠢᠲᠡ 147 ᠬᠥᠮᠦᠨ ᠪᠣᠯᠪᠠᠰᠤᠷᠠᠯ ᠳᠤ ᠣᠷᠣᠯᠴᠠᠵᠠᠶ᠃ | ᠪᠣᠯᠪᠠᠰᠤᠷᠠᠭᠤᠯᠤᠯ ᠨᠢ ᠲᠥᠪᠯᠡᠷᠡᠭᠦᠯᠦᠨ ᠬᠢᠴᠢᠶᠡᠯᠯᠡᠬᠦ ᠪᠠ ᠲᠣᠭᠤᠷᠢᠨ ᠦᠵᠡᠵᠦ ᠰᠤᠷᠤᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠵᠢᠯᠴᠢᠨ ᠠᠩᠭᠢ ᠪᠠ ᠠᠵᠢᠯᠴᠢᠨ ᠤ ᠡᠪᠯᠡᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠲᠥᠪ ᠤᠨ ᠨᠠᠢᠮᠠᠨ | ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠪᠠ᠃ | ᠪᠣᠯᠪᠠᠰᠤᠷᠠᠯ ᠤᠨ ᠬᠤᠭᠤᠴᠠᠭᠠᠨ ᠳᠤ᠂ ᠪᠥᠬᠦ ᠰᠤᠷᠤᠭᠴᠢᠳ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠳ᠋ᠠᠪᠠᠨ ᠤ ᠴᠠᠬᠢᠯᠭᠠᠨ ᠭᠠᠷᠭᠠᠬᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠪᠣᠯᠤᠨ ᠪᠠᠭᠠᠷᠢᠨ ᠪᠠᠷᠠᠭᠤᠨ ᠬᠤᠰᠢᠭᠤᠨ ᠤ ᠲᠦᠭᠡᠭᠡᠯ ᠤᠰᠤᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠨᠵᠡᠬᠡᠶᠢᠷᠡᠵᠦ᠂ | ᠠᠵᠢᠯᠲᠠᠨ ᠤ ᠬᠡᠷ ᠪᠦᠯᠢ᠂ ︽ᠲᠠᠪᠤᠨ ᠪᠠᠭ᠎ᠠ︾ ᠰᠣᠳᠣᠨ ᠢᠨᠵᠧᠨᠧᠷᠢᠩ᠂ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠪᠠ ᠤᠶᠤᠨᠲᠤ ᠤᠰᠤᠨ ᠤ ᠶᠠᠪᠤᠳᠠᠯ ᠢ | ᠳᠣᠭᠢᠷᠠᠭᠤᠯᠤᠨ ᠵᠢᠯᠣᠭᠤᠳᠬᠤ ᠲᠥᠪ ᠤᠨ ᠦᠢᠯᠡᠴᠢᠯᠡᠭᠡᠨ ᠤ ᠲᠠᠪᠴᠠᠩ ᠵᠡᠷᠭᠡ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠦᠢᠯᠡᠴᠢᠯᠡᠭᠡ ᠪᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠲᠠᠯ᠎ᠠ ᠪᠠᠷ ᠬᠢ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠪᠠ᠃ | | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠰᠤᠷᠤᠭᠴᠢᠳ ᠤᠨ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠣᠯᠭᠠᠬᠤ ᠳᠤᠮᠳᠠ ᠠᠵᠢᠯ ᠤᠨ ᠬᠠᠷᠠᠭ᠎ᠠ ᠪᠠᠨ | ᠥᠷᠭᠡᠳᠬᠡᠬᠦ ᠶᠢ ᠬᠦᠴᠦᠲᠡᠶ ᠠᠬᠢᠭᠤᠯᠵᠤ᠂ ᠪᠥᠬᠦ ᠬᠤᠰᠢᠭᠤᠨ ᠤ ᠠᠵᠢᠯᠴᠢᠨ ᠤ ᠡᠪᠯᠡᠯ ᠤᠨ ᠺᠠᠳ᠋ᠷ ᠤᠨ ᠤᠯᠤᠰ ᠲᠥᠷᠥ ᠶᠢᠨ ᠬᠡᠪ ᠪᠣᠯᠪᠠᠰᠤᠷᠠᠯ ᠪᠠ ᠲᠤᠬᠠᠶᠢᠯᠠᠭᠰᠠᠨ | ᠠᠵᠢᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠡᠯ᠎ᠡ ᠱᠠᠲᠤᠨ ᠤ | ᠠᠵᠢᠯᠴᠢᠨ ᠤ ᠡᠪᠯᠡᠯ ᠤᠨ ᠺᠠᠳ᠋ᠷ ᠤᠨ ᠡᠩᠨᠡᠭᠡ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠺᠠᠳ᠋ᠷ ᠠᠵᠢᠯᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ | ᠪᠠ ᠠᠵᠢᠯ ᠤᠨ ᠡᠷᠴᠢ ᠵᠣᠷᠢᠭ ᠢ ᠭᠦᠢᠴᠡᠳ ᠬᠥᠭᠵᠢᠭᠡᠵᠦ᠂ ᠰᠢᠨ᠎ᠡ ᠴᠠᠭ ᠦᠶ᠎ᠡ ᠶᠢᠨ ᠠᠵᠢᠯᠴᠢᠨ ᠤ ᠡᠪᠯᠡᠯ ᠤᠨ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠳᠤ | ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ |