| | | 5 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠬᠤᠰᠢᠭᠤᠨ ᠳᠠᠷᠤᠭ᠎ᠠ ᠲᠢᠶᠠᠨ ᠶᠦᠩ ᠰᠢᠶᠠᠩ ᠪᠠᠭᠠᠷᠢᠨ ᠪᠠᠷᠠᠭᠤᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ | ᠣᠷᠳᠣᠨ ᠤ ᠳᠠᠯᠠᠨ ᠨᠠᠢᠮᠠᠳᠤᠭᠠᠷ ᠤᠳᠠᠭᠠᠨ(2025 ᠣᠨ ᠤ 9 ᠳ᠋ᠦ᠋ᠭᠡᠷ ᠤᠳᠠᠭ᠎ᠠ︶ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ | ᠬᠤᠷᠠᠯᠳᠤᠭᠤᠯᠪᠠ᠃ ᠬᠡᠷ ᠲᠡᠭᠡᠨ ᠪᠠᠶᠢᠭ᠎ᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠷᠠᠯ ᠤᠨ | ᠵᠥᠪᠯᠡᠬᠦ ᠰᠡᠳᠦᠪ ᠲᠠᠢ ᠬᠤᠯᠪᠣᠭᠳᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠤᠯᠠ ᠣᠷᠣᠯᠴᠠᠪᠠ᠃ | ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠬᠡᠰᠡᠭ ᠮᠤᠵᠢ ᠣᠷᠣᠨ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ︽ | ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ | ᠲᠥᠪ ᠤᠨ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠪᠠ ᠰᠤᠷᠤᠯᠴᠠᠯᠭ᠎ᠠ ᠬᠥᠮᠦᠵᠢᠯ ᠤᠨ ᠵᠢᠯᠣᠭᠤᠳᠬᠤ | ᠳᠤᠭᠤᠶᠢᠯᠠᠩ ᠤᠨ ᠪᠣᠯᠪᠠᠰᠤᠷᠠᠭᠤᠯᠤᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠬᠤᠰᠢᠭᠤᠨ ᠤ ᠵᠠᠰᠠᠭ ᠤᠨ ᠣᠷᠳᠣᠨ ᠠᠴᠠ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠥᠷᠥᠯ ᠵᠦᠢᠯ᠂ ︽ | ᠲᠠᠪᠤᠨ ᠶᠡᠭᠡ ᠡᠭᠦᠷᠭᠡ︾ 2025 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠬᠢᠨᠠᠨ ᠵᠥᠪᠯᠡᠪᠡ︔ 2025 ᠣᠨ ᠤ ᠬᠥᠳᠡᠭᠡ ᠲᠣᠰᠬᠤᠨ ᠤ | ᠵᠠᠰᠠᠮᠠᠯ ᠵᠠᠮ ᠪᠠ ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠬᠠᠮᠢᠶ᠎ᠠ ᠪᠥᠬᠦᠶ ᠤᠴᠢᠷ ᠶᠠᠪᠤᠳᠠᠯ ᠢ ᠰᠤᠳᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ | ᠭᠦᠨᠵᠡᠭᠡᠶ ᠡᠵᠡᠮᠳᠡᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠲᠤᠷᠰᠢᠯᠭ᠎ᠠ ᠶᠢᠨ ᠦᠷ᠎ᠡ ᠪᠦᠲᠦᠭᠡᠯ ᠢ ᠭᠦᠨᠵᠡᠭᠡᠶ ᠳ᠋ᠦᠩᠨᠡᠵᠦ᠂ ᠲᠥᠯᠥᠪᠵᠢᠭᠦᠯᠭᠡ ᠨᠢ ᠴᠠᠭ ᠦᠶ᠎ᠡ ᠶᠢᠨ ᠣᠨᠴᠠᠯᠢᠭ ᠢ ᠢᠯᠡᠷᠡᠭᠦᠯᠬᠦ ᠮᠥᠷᠲᠡᠭᠡᠨ | ᠪᠠᠭᠠᠷᠢᠨ ᠪᠠᠷᠠᠭᠤᠨ ᠬᠤᠰᠢᠭᠤᠨ ᠤ ᠪᠣᠳᠠᠲᠤ ᠪᠠᠶᠢᠳᠠᠯ ᠲᠠᠢ ᠨᠡᠶᠢᠴᠡᠬᠦ ᠶᠢ ᠪᠠᠲᠤᠯᠠᠬᠤ ᠬᠡᠷᠡᠭᠲᠡᠶ᠃ ᠡᠭᠦᠳᠡ ᠪᠠᠨ ᠨᠡᠭᠡᠭᠡᠵᠦ ᠠᠷᠭ᠎ᠠ ᠪᠣᠳᠣᠯᠭ᠎ᠠ ᠠᠰᠠᠭᠤᠬᠤ᠂ ᠣᠯᠠᠨ ᠤ | ᠤᠬᠠᠭᠠᠨ ᠢ ᠲᠥᠪᠯᠡᠷᠡᠭᠦᠯᠬᠦ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠰᠢᠩᠭᠡᠭᠡᠨ ᠠᠪᠴᠤ᠂ ᠨᠡᠶᠢᠭᠡᠮ ᠤᠨ ᠬᠦᠰᠡᠯ ᠡᠷᠡᠮᠡᠯᠵᠡᠯ᠂ ᠣᠯᠠᠨ | ᠲᠦᠮᠡᠨ ᠤ ᠣᠶᠤᠨ ᠤᠬᠠᠭᠠᠨ᠂ ᠦᠨᠳᠦᠰᠦᠨ ᠱᠠᠲᠤᠨ ᠤ ᠲᠤᠷᠰᠢᠯᠭ᠎ᠠ ᠶᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠠᠵᠢᠯ ᠳᠤ ᠦᠨᠡᠨ ᠬᠦ ᠭᠦᠢᠴᠡᠳ ᠰᠢᠩᠭᠡᠭᠡᠨ ᠠᠪᠴᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠷᠠᠳᠴᠢᠯᠠᠯ ᠤᠨ ᠦᠢᠯᠡᠳᠦᠯᠭᠡ ᠪᠣᠯᠭᠠᠬᠤ ᠬᠡᠷᠡᠭᠲᠡᠶ ᠭᠡᠵᠠᠢ᠃ | ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ︽ᠨᠠᠮ ᠵᠠᠰᠠᠭ | ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠪᠠ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ | ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠣᠰᠣᠭᠠᠷ ᠠᠶᠤᠯᠭᠦᠢ ᠦᠢᠯᠡᠳᠪᠦᠷᠢᠯᠡᠯ ᠤᠨ | ᠠᠵᠢᠯ ᠢ ᠰᠠᠶᠢᠲᠤᠷ ᠠᠳᠬᠤᠬᠤ ᠬᠡᠷᠡᠭᠲᠡᠢ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭ᠎ᠠ ᠣᠶᠢᠷᠠᠳᠴᠤ ᠪᠠᠶᠢᠭ᠎ᠠ ᠪᠣᠯᠬᠤᠷ ᠵᠠᠮ | ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠳᠠᠯᠳᠠ ᠬᠡᠮ ᠢ | ᠵᠢᠭᠰᠠᠭᠠᠨ ᠪᠠᠶᠢᠴᠠᠭᠠᠬᠤ ᠶᠢ ᠰᠠᠶᠢᠲᠤᠷ ᠠᠳᠬᠤᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠷᠢᠨ | ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠨᠡᠩ ᠲᠤᠪᠤᠶᠢᠯᠭᠠᠵᠦ᠂ ᠰᠤᠷᠤᠯᠴᠠᠨ | ᠣᠶᠢᠯᠠᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠡᠨᠬᠦ ᠪᠠᠶᠢᠴᠠᠭᠠᠨ ᠪᠣᠳᠠᠲᠠᠢ ᠰᠠᠶᠢᠵᠢᠷᠠᠭᠤᠯᠬᠤ ᠶᠢ ᠠᠬᠢᠭᠤᠯᠵᠤ᠂ ᠰᠤᠷᠤᠯᠴᠠᠯᠭ᠎ᠠ ᠬᠥᠮᠦᠵᠢᠯ ᠶᠢ ᠶᠠᠰᠤ | ᠴᠢᠨᠠᠷ ᠲᠠᠢ᠂ ᠪᠠᠶᠢᠴᠠᠭᠠᠬᠤ ᠡᠷᠴᠢᠮ ᠲᠠᠢ᠂ ᠰᠠᠶᠢᠵᠢᠷᠠᠭᠤᠯᠬᠤ ᠦᠷ᠎ᠡ ᠪᠦᠲᠦᠮᠵᠢ ᠲᠠᠢ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |