| | | | 5 ᠰᠠᠷ᠎ᠠ ᠶᠢᠨ 27 ᠤ ᠡᠳᠦᠷ᠂ ᠥᠪᠥᠷ ᠮᠣᠩᠭᠤᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠲᠡᠦᠬᠡ ᠶᠢᠨ ᠳᠤᠷᠠᠰᠬᠠᠯᠲᠤ ᠵᠦᠢᠯᠡᠰ ᠤᠨ ᠡᠷᠲᠡᠨ ᠤ ᠨᠣᠮ ᠪᠢᠴᠢᠭ ᠤᠨ ᠲᠣᠭᠤᠷᠢᠨ ᠦᠵᠡᠭᠦᠯᠦᠯᠭᠡ ︵ᠪᠠᠭᠠᠷᠢᠨ ᠪᠠᠷᠠᠭᠤᠨ ᠬᠤᠰᠢᠭᠤᠨ ᠤ ᠥᠷᠲᠡᠭᠡ︶ ᠶᠢ | ᠪᠠᠶᠢᠩᠭᠤ ᠶᠢᠨ ᠦᠵᠡᠰᠬᠦᠯᠡᠩ ᠪᠣᠯᠭᠠᠨ ᠬᠤᠪᠢᠷᠠᠭᠤᠯᠬᠤ ᠶᠣᠰᠣᠯᠠᠯ ᠬᠤᠰᠢᠭᠤᠨ ᠤ ᠮᠦᠽᠧᠶ ᠳᠤ ᠶᠠᠪᠤᠭᠳᠠᠪᠠ᠃ ᠦᠨᠳᠦᠰᠦᠲᠡᠨ ᠤ ᠰᠣᠶᠣᠯ ᠤᠨ ᠣᠷᠳᠣᠨ ᠤ | ᠳᠠᠷᠤᠭ᠎ᠠ ᠴᠧᠨ ᠶᠧ᠂ ᠦᠨᠳᠦᠰᠦᠲᠡᠨ ᠤ ᠰᠣᠶᠣᠯ ᠤᠨ ᠣᠷᠳᠣᠨ ᠤ ᠳᠡᠳ᠋ ᠰᠤᠳᠤᠯᠤᠭᠴᠢ ᠵᠠᠩ ᠯᠸᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠴᠥᠭᠡᠨ ᠲᠣᠭᠠᠲᠤ ᠦᠨᠳᠦᠰᠦᠲᠡᠨ ᠤ ᠡᠷᠲᠡᠨ ᠤ ᠨᠣᠮ ᠪᠢᠴᠢᠭ ᠢ ᠴᠤᠭᠯᠠᠭᠤᠯᠵᠤ ᠰᠤᠳᠤᠯᠬᠤ ᠲᠠᠰᠤᠭ ᠤᠨ ᠳᠡᠳ᠋ | ᠡᠷᠬᠢᠯᠡᠭᠴᠢ ᠯᠢ ᠯᠢ᠂ ᠤᠯᠠᠭᠠᠨᠬᠠᠳᠠ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠳᠡᠳ᠋ ᠡᠷᠬᠢᠯᠡᠭᠴᠢ ᠲᠡᠮᠦᠷᠪᠠᠭᠠᠨ᠎ᠠ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠲᠥᠪ ᠤᠨ ᠡᠷᠬᠢᠯᠡᠭᠴᠢ ᠵᠣᠣ ᠭᠦᠸᠧ ᠴᠢᠶᠠᠩ᠂ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠡ ᠶᠢᠨ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠰᠢᠶᠤᠤ ᠬᠤᠶ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠶᠠᠩ ᠶᠠᠩ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠤ᠂ ᠬᠠᠮᠢᠶ᠎ᠠ ᠪᠥᠬᠦᠶ ᠨᠢᠭᠡᠴᠡ ᠶᠢᠨ | ᠲᠥᠯᠥᠭᠡᠯᠡᠭᠴᠢ ᠣᠷᠣᠯᠴᠠᠵᠠᠶ᠃ | ᠠᠵᠢᠯᠯᠠᠭ᠎ᠠ ᠳᠤᠮᠳᠠ᠂ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠡᠷᠲᠡᠨ ᠤ ᠨᠣᠮ ᠪᠢᠴᠢᠭ ᠤᠨ ᠲᠣᠭᠤᠷᠢᠨ ᠦᠵᠡᠬᠦᠯᠦᠯᠬᠡ ︵ᠪᠠᠭᠠᠷᠢᠨ ᠪᠠᠷᠠᠭᠤᠨ ᠬᠤᠰᠢᠭᠤᠨ ᠤ ᠥᠷᠲᠡᠭᠡ︶ ᠶᠢ ᠲᠤᠭᠤᠷᠢᠨ ᠦᠵᠡᠪᠡ︔ | ᠦᠨᠳᠦᠰᠦᠲᠡᠨ ᠤ ᠰᠣᠶᠣᠯ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠴᠥᠭᠡᠨ ᠲᠣᠭᠠᠲᠤ | ᠦᠨᠳᠦᠰᠦᠲᠡᠨ ᠤ ᠡᠷᠲᠡᠨ ᠤ ᠨᠣᠮ ᠪᠢᠴᠢᠭ ᠴᠤᠭᠯᠠᠭᠤᠯᠬᠤ ᠰᠤᠳᠤᠯᠭᠠᠨ ᠤ ᠲᠠᠰᠤᠭ ᠪᠠᠭᠠᠷᠢᠨ ᠪᠠᠷᠠᠭᠤᠨ ᠬᠤᠰᠢᠭᠤᠨ ᠤ ᠮᠦᠽᠧᠶ ᠳᠤ ᠲᠣᠭᠤᠷᠢᠨ | ᠦᠵᠡᠬᠦᠯᠦᠯᠬᠡ ᠶᠢᠨ ᠲᠥᠷᠥᠯ ᠵᠦᠢᠯ ᠢ ᠰᠢᠯᠵᠢᠭᠦᠯᠦᠨ ᠲᠤᠰᠢᠶᠠᠬᠤ ᠶᠣᠰᠣᠯᠠᠯ ᠶᠠᠪᠤᠭᠤᠯᠪᠠ︔ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠤᠨ ᠴᠥᠭᠡᠨ ᠲᠣᠭᠠᠲᠤ ᠦᠨᠳᠦᠰᠦᠲᠡᠨ ᠤ ᠡᠷᠲᠡᠨ ᠤ ᠨᠣᠮ ᠪᠢᠴᠢᠭ ᠡᠯᠰᠡᠨ ᠴᠤᠭᠯᠠᠭᠤᠯᠬᠤ ᠰᠤᠳᠤᠯᠭᠠᠨ ᠤ ᠲᠠᠰᠤᠭ ᠮᠠᠨ ᠤ ᠬᠤᠰᠢᠭᠤᠨ ᠤ ᠡᠯ᠎ᠡ | ᠨᠢᠭᠡᠴᠡ ᠳᠤ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠴᠤᠭᠴᠠᠯᠠᠬᠤ ᠡᠷᠲᠡᠨ ᠤ ᠨᠣᠮ ᠪᠢᠴᠢᠭ ᠢ ᠡᠮᠬᠢᠯᠡᠨ ᠬᠡᠪᠯᠡᠬᠦᠯᠦᠭᠰᠡᠨ ᠨᠣᠮ ᠤᠨ ᠲᠦᠷᠦᠯ ᠢ ᠪᠡᠯᠡᠭᠯᠡᠪᠡ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠰᠣᠶᠣᠯ ᠤᠨ ᠨᠡᠪᠴᠢᠯᠲᠡ ᠶᠢᠨ ᠠᠷᠭ᠎ᠠ | ᠮᠠᠶ᠋ᠢᠭ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠠᠬᠢᠭᠤᠯᠵᠤ᠂ ᠪᠥᠬᠦ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠭᠦᠨ ᠵᠤᠵᠠᠭᠠᠨ ᠰᠣᠶᠣᠯ ᠤᠨ ᠬᠥᠳᠡᠯᠭᠡᠬᠦ ᠬᠦᠴᠦᠨ ᠨᠡᠮᠡᠷᠢᠯᠡᠨ᠎ᠡ᠃ |