ᠪᠡᠭᠡᠵᠢᠩ ᠤᠨ ᠠᠵᠤ ᠠᠬᠤᠶ ᠮᠡᠷᠬᠡᠵᠢᠯ ᠤᠨ ᠨᠡᠭᠡᠭᠡᠯᠲᠡ ᠶᠢᠨ ᠲᠣᠭᠤᠷᠢᠭ — ᠪᠠᠭᠠᠷᠢᠨ ᠪᠠᠷᠠᠭᠤᠨ ᠬᠤᠰᠢᠭᠤ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢᠨ ᠠᠵᠢᠯ ᠢ ᠵᠣᠯᠭᠠᠭᠤᠯᠬᠤ ᠬᠡᠯᠡᠯᠴᠡᠬᠡᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/28
      5 ᠰᠠᠷ᠎ᠠ ᠶᠢᠨ 27᠎ ᠤ ᠡᠳᠦᠷ᠂ ᠪᠡᠭᠡᠵᠢᠩ ᠤᠨ ᠠᠵᠤ ᠠᠬᠤᠶ ᠮᠡᠷᠬᠡᠵᠢᠯ ᠤᠨ ᠨᠡᠭᠡᠭᠡᠯᠲᠡ ᠶᠢᠨ ᠲᠣᠭᠤᠷᠢᠭ— ᠪᠠᠭᠠᠷᠢᠨ ᠪᠠᠷᠠᠭᠤᠨ ᠬᠤᠰᠢᠭᠤ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢᠨ ᠠᠵᠢᠯ ᠢ ᠵᠣᠯᠭᠠᠭᠤᠯᠬᠤ ᠬᠡᠯᠡᠯᠴᠡᠬᠡᠷ ᠤᠨ ᠬᠤᠷᠠᠯ ᠬᠤᠷᠠᠯᠳᠤᠪᠠ᠃ ᠪᠡᠭᠡᠵᠢᠩ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠤᠨ  ᠬᠤᠷᠢᠶ᠎ᠡ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠺᠦᠩ ᠯᠸᠢ᠂ ᠪᠡᠭᠡᠵᠢᠩ ᠤᠨ ᠠᠵᠤ ᠠᠬᠤᠶ ᠮᠡᠷᠬᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠪᠡᠭᠡᠵᠢᠩ ᠤᠨ ᠠᠵᠤ ᠠᠬᠤᠶ ᠮᠡᠷᠬᠡᠵᠢᠯ ᠤᠨ ᠨᠡᠭᠡᠭᠡᠯᠲᠡ ᠶᠢᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠬᠡᠰᠡᠭ ᠠᠵᠤ ᠠᠬᠤᠶᠢᠯᠠᠯ ᠪᠠ ᠪᠠᠶᠢᠭᠤᠯᠤᠮᠵᠢ ᠶᠢᠨ ᠲᠥᠯᠥᠭᠡᠯᠡᠭᠴᠢ᠂ ᠪᠠᠭᠠᠷᠢᠨ ᠪᠠᠷᠠᠭᠤᠨ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠭᠤᠤᠯ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠲᠢᠶᠠᠨ ᠶᠦᠩ ᠰᠢᠶᠠᠩ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠨᠡᠭᠡᠭᠡᠯᠲᠡ ᠶᠢᠨ ᠲᠣᠭᠤᠷᠢᠭ ᠤᠨ ᠬᠤᠯᠪᠣᠭᠳᠠᠯ ᠪᠥᠬᠦᠶ ᠪᠠᠶᠢᠳᠠᠯ ᠢ ᠲᠣᠰ ᠲᠣᠰ ᠲᠠᠨᠢᠯᠴᠠᠭᠤᠯᠪᠠ᠃      ᠲᠤᠬᠠᠢ ᠶᠢᠨ ᠲᠠᠯᠠᠪᠠᠢ ᠳᠤ ᠭᠠᠷ ᠤᠨ ᠦᠰᠦᠭ ᠵᠢᠷᠤᠵᠤ ᠪᠡᠯᠡᠭᠯᠡᠨ ᠬᠦᠷᠭᠡᠬᠦ ᠶᠣᠰᠣᠯᠠᠯ ᠶᠠᠪᠤᠭᠤᠯᠪᠠ᠃      ᠶᠠᠷᠢᠯᠴᠠᠬᠤ ᠬᠤᠷᠠᠯ ᠳᠡᠭᠡᠷ᠎ᠡ᠂ ᠵᠢᠩ ᠳ᠋ᠦᠩ ᠪᠦᠯᠦᠭᠯᠡᠯ᠂ ᠶᠠᠨ ᠸᠧᠢ ᠰᠢᠨᠵᠢᠯᠡᠬᠦ ᠤᠬᠠᠭᠠᠨ ᠮᠡᠷᠭᠡᠵᠢᠯ᠂ ᠢ ᠴᠧᠩ ᠬᠠᠮᠲᠤᠷᠠᠯᠴᠠᠭ᠎ᠠ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᡁᠢ ᠨᠧᠩ ᠶᠤᠸᠠᠨ ᠪᠦᠯᠦᠭᠯᠡᠯ᠂ ᠱᠠᠩ ᠢ ᠴᠧᠩ ᠪᠦᠯᠦᠭᠯᠡᠯ ᠵᠡᠷᠭᠡ ᠠᠵᠤ ᠠᠬᠤᠶᠢᠯᠠᠯ ᠤᠨ ᠪᠠᠶᠢᠭᠤᠯᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠶ᠎ᠠ ᠲᠠᠯᠪᠢᠨ ᠰᠠᠨᠠᠯ ᠢᠶᠠᠨ ᠰᠣᠯᠢᠯᠴᠠᠵᠤ᠂ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠤᠨ ᠬᠠᠮᠵᠢᠯᠴᠠᠭ᠎ᠠ ᠶᠢᠨ ᠠᠵᠢᠯ ᠳᠤ ᠣᠷᠣᠯᠴᠠᠭᠰᠠᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠪᠠᠭᠠᠷᠢᠨ ᠪᠠᠷᠠᠭᠤᠨ ᠬᠤᠰᠢᠭᠤᠨ ᠤ ᠬᠥᠭᠵᠢᠯᠲᠡ ᠳᠤ ᠠᠷᠭ᠎ᠠ ᠤᠬᠠᠭᠠᠨ ᠭᠠᠷᠭᠠᠪᠠ᠃     ᠺᠦᠩ ᠯᠸᠢ ᠶᠠᠷᠢᠶᠠᠨ ᠳᠠᠭᠠᠨ᠂ ᠪᠡᠭᠡᠵᠢᠩ ᠥᠪᠥᠷ ᠮᠣᠩᠭᠤᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠣᠯ ᠲᠥᠪ ᠠᠴᠠ ᠪᠡᠭᠡᠵᠢᠩ ᠪᠣᠯᠤᠨ ᠥᠪᠥᠷ ᠮᠣᠩᠭᠤᠯ ᠳᠤ ᠲᠤᠰᠢᠶᠠᠭᠰᠠᠨ ᠢᠷᠠᠭᠤ ᠠᠯᠳᠠᠷᠲᠤ ᠡᠭᠦᠷᠭᠡ ᠮᠥᠨ᠃ ᠬᠤᠶᠠᠷ ᠭᠠᠵᠠᠷ ᠤᠨ ᠬᠢᠨ ᠤᠯᠤᠰ ᠤᠨ ᠬᠢᠨᠠᠨ ᠰᠢᠯᠭᠠᠬᠤ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠤᠯᠠᠨ ᠤ ᠣᠷᠣᠯᠭ᠎ᠠ ᠶᠢ ᠤᠯᠠᠮ ᠴᠢᠨᠠᠭᠰᠢᠳᠠ ᠨᠡᠮᠡᠭᠳᠡᠭᠦᠯᠵᠦ᠂ ᠠᠮᠢ ᠠᠬᠤᠢ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠠᠵᠤ ᠠᠬᠤᠢ ᠶᠢ ᠤᠯᠠᠮ ᠴᠢᠨᠠᠭᠰᠢᠳᠠ ᠬᠥᠭᠵᠢᠭᠦᠯᠬᠦ ᠬᠡᠷᠡᠭᠲᠡᠢ᠃ ᠠᠵᠤ ᠦᠢᠯᠡᠰ ᠤᠨ ᠬᠠᠮᠲᠤᠷᠠᠯᠴᠠᠭ᠎ᠠ ᠶᠢ ᠪᠣᠳᠠᠲᠠᠢ ᠶᠢ ᠡᠷᠬᠢᠮᠯᠡᠨ ᠠᠬᠢᠭᠤᠯᠵᠤ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠬᠡᠯᠪᠡᠷᠢ ᠪᠠᠷ ᠲᠤᠬᠠᠢ ᠶᠢᠨ ᠭᠠᠵᠠᠷ ᠤᠨ ᠴᠢᠰᠤ ᠪᠦᠲᠦᠭᠡᠬᠦ ᠴᠢᠳᠠᠪᠬᠢ ᠶᠢᠨ ᠳᠡᠭᠡᠭᠰᠢᠯᠡᠯᠲᠡ ᠶᠢ ᠪᠡᠶᠡᠯᠡᠭᠦᠯᠵᠦ᠂ ᠠᠵᠢᠯ ᠣᠯᠭᠤᠯᠲᠠ ᠪᠠ ᠪᠠᠶᠠᠵᠢᠯ ᠢ ᠳᠠᠶᠢᠴᠢᠯᠠᠬᠤ ᠬᠡᠷᠡᠭᠲᠡᠢ᠃ ᠰᠤᠶᠤᠯ ᠢᠷᠭᠡᠨᠰᠢᠯ ᠤᠨ ᠲᠠᠯ᠎ᠠ ᠶᠢᠨ ᠦᠷᠭᠦᠯᠵᠢᠯᠡᠨ ᠰᠣᠯᠢᠯᠴᠠᠬᠤ ᠶᠢ ᠠᠬᠢᠭᠤᠯᠬᠤ ᠬᠡᠷᠡᠭᠲᠡᠢ᠃ ᠡᠯ᠎ᠡ ᠲᠥᠷᠥᠯ ᠤᠨ ᠤᠷᠠᠨ ᠰᠠᠶᠢᠬᠠᠨ ᠤ ᠲᠣᠭᠯᠠᠯᠲᠠ ᠪᠠ ᠬᠤᠶᠠᠷ ᠭᠠᠵᠠᠷ ᠤᠨ ᠬᠦᠮᠦᠰ ᠤᠨ ᠰᠣᠯᠢᠯᠴᠠᠭ᠎ᠠ ᠪᠠᠷ ᠳᠠᠮᠵᠢᠭᠤᠯᠤᠨ ᠬᠤᠶᠠᠷ ᠭᠠᠵᠠᠷ ᠤᠨ ᠰᠤᠶᠤᠯ ᠤᠨ ᠬᠠᠷᠢᠯᠴᠠᠨ ᠨᠡᠶᠢᠯᠡᠬᠦ ᠶᠢ ᠠᠬᠢᠭᠤᠯᠬᠤ ᠬᠡᠷᠡᠭᠲᠡᠢ᠃ ᠲᠤᠮᠢᠯᠠᠨ ᠲᠤᠰᠢᠶᠠᠯ ᠡᠭᠦᠷᠭᠡᠯᠡᠭᠰᠡᠨ ᠺᠠᠳ᠋ᠷᠴᠤᠳ ᠡᠴᠦᠰ ᠤᠨ ᠠᠵᠢᠯ ᠤᠨ ᠪᠠᠶᠢᠷᠢ ᠎ ᠳᠠᠭᠠᠨ ᠰᠠᠶᠢᠲᠤᠷ ᠵᠣᠭᠰᠣᠵᠤ᠂ ᠠᠵᠢᠯ ᠢᠶᠠᠨ ᠲᠤᠰᠢᠶᠠᠵᠤ ᠬᠦᠯᠢᠶᠡᠨ ᠠᠪᠬᠤ ᠠᠵᠢᠯ ᠢ ᠰᠠᠶᠢᠲᠤᠷ ᠬᠢᠬᠦ ᠶᠢᠨ ᠬᠠᠮᠲᠤ ᠲᠤᠷᠰᠢᠯᠭ᠎ᠠ ᠪᠠᠨ ᠳ᠋ᠦᠩᠨᠡᠬᠦ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠠᠢ᠃      ᠲᠢᠶᠠᠨ ᠶᠦᠩ ᠰᠢᠶᠠᠩ ᠴᠢᠬᠤᠯᠠᠴᠢᠯᠠᠭᠰᠠᠨ ᠨᠢ᠂ ᠪᠠᠭᠠᠷᠢᠨ ᠪᠠᠷᠠᠭᠤᠨ ᠬᠤᠰᠢᠭᠤ ᠨᠢ ᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠠᠵᠤ ᠠᠬᠤᠢ ᠮᠡᠷᠬᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠭᠤᠶᠢᠪᠢᠰᠢ ᠥᠬᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃     ᠬᠤᠷᠠᠯ ᠠᠴᠠ ᠡᠮᠦᠨ᠎ᠡ᠂ ᠺᠦᠩ ᠯᠸᠢ ᠨᠠᠷ ᠤᠷᠢᠳ ᠬᠤᠵᠢᠳ ᠪᠠᠭᠠᠷᠢᠨ ᠪᠠᠷᠠᠭᠤᠨ ᠬᠤᠰᠢᠭᠤᠨ ᠤ ᠮᠠᠯ ᠪᠡᠯᠴᠢᠭᠡᠷ ᠢ ᠨᠢᠭᠡ ᠴᠣᠭᠴᠠᠵᠢᠭᠤᠯᠬᠤ ᠲᠥᠷᠥᠯ ᠵᠦᠢᠯ᠂ ᠮᠢᠬᠠᠨ ᠬᠤᠨᠢᠨ ᠤ ᠠᠵᠤ ᠦᠢᠯᠡᠰ ᠤᠨ ᠬᠦᠷᠢᠶᠡᠯᠡᠩ ᠤᠨ ᠢᠵᠢ ᠪᠥᠷᠢᠳᠦᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠪᠠᠯᠠ ᠮᠥᠩᠭᠦ ᠶᠢᠨ ᠲᠥᠷᠥᠯ  ᠵᠦᠢᠯ ᠤᠨ ᠦᠢᠯᠡᠳᠪᠦᠷᠢᠯᠡᠯ ᠡᠵᠡᠩᠨᠡᠯᠲᠡ᠂ ᠪᠠᠭᠠᠷᠢᠨ ᠪᠠᠷᠠᠭᠤᠨ ᠬᠤᠰᠢᠭᠤᠨ ᠤ ᠲᠡᠦᠬᠡ ᠰᠣᠶᠣᠯ᠂ ᠬᠥᠭᠵᠢᠯᠲᠡ ᠶᠢᠨ ᠥᠩᠭᠡᠷᠡᠯᠲᠡ ᠪᠠ ᠦᠨᠳᠦᠰᠦᠲᠡᠨ ᠤ ᠪᠦᠯᠬᠦᠮᠳᠡᠯ ᠤᠨ ᠠᠵᠢᠯ ᠵᠡᠷᠭᠡ ᠪᠠᠶᠢᠳᠠᠯ ᠢ ᠣᠶᠢᠯᠠᠭᠠᠪᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ