| | | | ᠣᠷᠣᠨ ᠪᠦᠰᠡ ᠠᠯᠤᠰᠯᠠᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠤᠯᠠᠮ ᠨᠢᠭᠡ ᠠᠯᠬᠤᠮ | ᠠᠬᠢᠭᠤᠯᠬᠤ ᠶᠢᠨ ᠲᠥᠯᠥᠭᠡ᠂ 5 ᠰᠠᠷ᠎ᠠ ᠶᠢᠨ 27 ᠤ ᠡᠳᠦᠷ᠂ ︽ᠬᠠᠪᠤᠷ ᠤᠨ ᠰᠠᠯᠬᠢ ᠦᠢᠯᠡᠰ ᠢ ᠢᠪᠡᠭᠡᠵᠦ᠂ ᠬᠠᠯᠠᠭᠤᠨ ᠦᠢᠯᠡᠴᠢᠯᠡᠭᠡ ᠰᠡᠳᠬᠢᠯ ᠢ | ᠲᠤᠯᠠᠭᠠᠴᠠᠭᠠᠤᠯᠬᠤ︾ ᠭᠤᠣᠯ ᠰᠡᠳᠦᠪᠳᠦ 2025 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠲᠤᠰᠬᠠᠶ ᠲᠠᠯᠠᠪᠠᠶ ᠶᠢᠨ ᠠᠵᠢᠯᠲᠠᠨ ᠡᠯᠰᠡᠬᠦ | ᠬᠤᠷᠠᠯ ᠪᠠᠭᠠᠷᠢᠨ ᠪᠠᠷᠠᠭᠤᠨ ᠬᠤᠰᠢᠭᠤᠨ ᠤ ᠰᠣᠶᠣᠯ ᠤᠨ ᠠᠭᠤᠳᠠᠮ ᠲᠠᠯᠠᠪᠠᠶ ᠳᠤ ᠶᠠᠪᠤᠭᠳᠠᠪᠠ᠃ | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠪᠡᠭᠡᠵᠢᠩ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠬᠡᠨ ᠤ ᠲᠥᠪ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠬᠡᠨ ᠤ ᠲᠥᠪ ᠠᠴᠠ ᠭᠤᠤᠯᠯᠠᠨ ᠡᠷᠭᠢᠯᠡᠵᠦ᠂ ᠣᠯᠠᠨ ᠰᠠᠯᠠᠭ᠎ᠠ ᠮᠥᠴᠢᠷ | ᠬᠠᠮᠵᠢᠯᠴᠠᠨ ᠬᠠᠮᠲᠤ ᠪᠠᠷ ᠵᠠᠰᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ | ᠬᠤᠯᠪᠣᠭᠠᠯᠠᠨ ᠬᠥᠳᠡᠯᠦᠯᠴᠡᠬᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ︾ ᠪᠣᠰᠤᠭ᠎ᠠ ᠴᠣᠭᠴᠠᠲᠤ ᠦᠢᠯᠡᠴᠢᠯᠡᠬᠡᠨ ᠤ ᠲᠣᠤᠷ ᠰᠦᠯᠵᠢᠶ᠎ᠡ ᠶᠢ ᠪᠣᠶ ᠪᠣᠯᠭᠠᠵᠤ᠂ | ᠠᠵᠢᠯ ᠤᠨ ᠪᠠᠶᠢᠷᠢ ᠶᠢᠨ ᠬᠠᠩᠭᠠᠯᠭ᠎ᠠ ᠪᠠ ᠠᠵᠢᠯ ᠡᠷᠢᠬᠦ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠪᠡᠶᠡᠯᠡᠭᠦᠯᠵᠦ᠂ ᠲᠥᠷᠥ ᠶᠢᠨ | ᠪᠣᠳᠣᠯᠭ᠎ᠠ ᠶᠢᠨ ᠵᠥᠪᠯᠡᠯᠭᠡ ᠥᠭᠬᠦ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠢᠬᠦ᠂ ᠡᠷᠬᠡ ᠠᠰᠢᠭ ᠤᠨ ᠪᠠᠲᠤᠯᠠᠭ᠎ᠠ ᠶᠢ ᠬᠠᠮᠤᠷᠤᠭᠰᠠᠨ ᠪᠥᠬᠦ ᠦᠶᠡᠯᠡᠯ ᠤᠨ | ᠦᠢᠯᠡᠴᠢᠯᠡᠬᠡᠨ ᠤ ᠬᠡᠯᠬᠢᠶ᠎ᠡ ᠶᠢ ᠪᠠᠶᠢᠭᠤᠯᠵᠤ᠂ ᠣᠯᠠᠨ ᠲᠦᠮᠡᠨ ᠳᠤ ᠦᠨᠡᠨ ᠬᠦ ᠦᠢᠯᠡᠴᠢᠯᠡᠵᠦ᠂ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ ᠶᠤᠮ᠃ | ᠪᠡᠭᠡᠵᠢᠩ᠂ ᠤᠯᠠᠭᠠᠨᠬᠠᠳᠠ ᠬᠤᠶᠠᠷ ᠭᠠᠵᠠᠷ ᠠᠴᠠ ᠢᠷᠡᠭᠰᠡᠨ 60 ᠰᠢᠯᠢᠳᠡᠭ ᠠᠵᠤ ᠠᠬᠤᠶᠢᠯᠠᠯ ᠤᠷᠢᠵᠤ ᠡᠯᠰᠡᠬᠦ ᠳᠤ ᠣᠷᠣᠯᠴᠠᠵᠤ᠂ ᠦᠢᠯᠡᠳᠬᠦ ᠦᠢᠯᠡᠰ᠂ | ᠰᠢᠨ᠎ᠡ ᠡᠨᠧᠷᠭᠢ᠂ ᠤᠳᠤ ᠦᠶ᠎ᠡ ᠶᠢᠨ ᠲᠠᠷᠢᠶᠠᠯᠠᠩ᠂ ᠭᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠬᠦᠷᠢᠶ᠎ᠡ ᠶᠢ ᠬᠠᠮᠤᠷᠤᠭᠰᠠᠨ 1000 ᠭᠠᠷᠤᠢ ᠠᠵᠢᠯ ᠤᠨ ᠪᠠᠶᠢᠷᠢ | ᠬᠠᠩᠭᠠᠵᠤ᠂ ᠲᠤᠬᠠᠢ ᠶᠢᠨ ᠲᠠᠯᠠᠪᠠᠢ ᠳᠤ 200 ᠭᠠᠷᠤᠢ ᠬᠥᠮᠦᠨ ᠳᠤ ᠠᠵᠢᠯ ᠣᠯᠭᠤᠬᠤ ᠰᠠᠨᠠᠮᠵᠢ ᠲᠠᠢ ᠪᠤᠯᠵᠤ᠂ ᠰᠦᠯᠵᠢᠶᠡᠨ ᠳᠡᠭᠡᠷᠡᠬᠢ ᠲᠠᠪᠴᠠᠩ ᠵᠡᠷᠭᠡᠪᠡᠷ | 5000 ᠬᠥᠮᠦᠨ ᠤᠳᠠᠭ᠎ᠠ ᠭᠠᠷᠴᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠬᠤ᠂ ᠬᠠᠩᠭᠠᠯᠭ᠎ᠠ ᠬᠡᠷᠡᠭᠴᠡᠭᠡ ᠶᠢ ᠤᠨᠢᠨ | ᠳᠡᠭᠡᠷ᠎ᠡ ᠨᠢ ᠲᠤᠬᠢᠷᠠᠭᠤᠯᠬᠤ︾ ᠶᠢ ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠪᠡᠭᠡᠵᠢᠩ ᠤᠨ ᠠᠵᠤ ᠠᠬᠤᠶ ᠶᠢᠨ ᠮᠡᠷᠬᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠪ ᠲᠠᠢ ᠨᠡᠪᠲᠡᠷᠡᠯᠴᠡᠭᠡ ᠰᠣᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠦᠷᠭᠦᠯᠵᠢᠯᠡᠨ ᠠᠵᠢᠯ ᠣᠯᠭᠤᠯᠲᠠ ᠪᠠᠷ ᠬᠤᠯᠪᠣᠭᠠᠰᠤ ᠪᠣᠯᠭᠠᠵᠤ᠂ ᠠᠵᠤ ᠦᠢᠯᠡᠰ ᠤᠨ ᠬᠠᠮᠲᠤᠷᠠᠯᠴᠠᠭ᠎ᠠ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠬᠥᠳᠡᠯᠮᠦᠷᠢ | ᠬᠦᠴᠦᠨ ᠢ ᠭᠠᠳᠠᠭᠰᠢ ᠭᠠᠷᠭᠠᠬᠤ ᠵᠡᠷᠭᠡ ᠬᠦᠷᠢᠶᠡᠨ ᠳᠠᠬᠢ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠨᠠᠩ ᠣᠯᠠᠨ ᠬᠥᠳᠡᠯᠮᠦᠷᠢᠴᠢᠳ ᠢ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ ᠳᠤᠮᠳᠠ ︽ᠠᠵᠢᠯ ᠤᠯᠬᠤ ᠡᠬᠦᠳᠠ ᠲᠠᠢ᠂ ᠪᠠᠶᠠᠵᠢᠭᠤᠯᠬᠤ ᠵᠠᠮ ᠲᠠᠢ︾ ᠪᠣᠯᠭᠠᠨ᠎ᠠ᠃ | |