| | | | 2025 ᠣᠨ ᠤ ᠠᠩᠬ᠎ᠠ ᠳᠤᠮᠳᠠᠳᠤ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠰᠢᠯᠭᠠᠯᠲᠠ ᠦᠢᠷᠠᠳᠬᠤ ᠳᠤ᠂ ᠮᠠᠨ ᠤ ᠬᠤᠰᠢᠭᠤᠨ ᠤ | ᠰᠢᠯᠭᠠᠭᠤᠯᠤᠭᠴᠢ ᠶᠢᠨ ᠪᠥᠬᠦ ᠬᠦᠴᠦᠨ ᠢᠶᠠᠷ ᠢᠶᠠᠨ ᠰᠢᠯᠭᠠᠯᠲᠠ ᠶᠢ ᠤᠭᠲᠤᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠲᠣᠰ ᠡᠳᠦᠷ ᠠᠴᠠ ᠡᠬᠢᠯᠡᠨ᠂ ᠪᠠᠭᠠᠷᠢᠨ | ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤᠰᠬᠠᠶᠢᠯᠠᠨ ᠰᠠᠭᠠᠳ ᠥᠬᠡᠶ ᠨᠡᠪᠲᠡᠷᠡᠬᠦ ᠵᠠᠮ ᠨᠡᠭᠡᠭᠡᠵᠦ᠂ ᠪᠠᠭᠠᠷᠢᠨ ᠪᠠᠷᠠᠭᠤᠨ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ ᠲᠤ ︽ᠭᠤᠷᠪᠠ ᠶᠢ ᠭᠦᠢᠴᠡᠳᠭᠡᠬᠦ︾ | ᠴᠤᠩᠬᠤᠪᠴᠢ ᠭᠠᠷᠭᠠᠵᠤ᠂ ᠮᠠᠨ ᠤ ᠬᠤᠰᠢᠭᠤᠨ ᠤ ᠡᠷᠦᠬᠡ ᠠᠮᠠ ᠶᠢᠨ ᠬᠠᠷᠢᠶ᠎ᠠ ᠪᠠᠨ ᠬᠤᠪᠢᠷᠠᠭᠤᠯᠤᠭᠰᠠᠨ ᠪᠤᠶᠤ ᠪᠡᠶ᠎ᠡ ᠶᠢᠨ ᠦᠨᠡᠮᠯᠡᠯ ᠤᠨ ᠬᠤᠭᠤᠴᠠᠭ᠎ᠠ ᠨᠢ | ᠲᠤᠯᠤᠭᠰᠠᠨ᠂ ᠭᠡᠭᠡᠭᠳᠡᠭᠰᠡᠨ᠂ ᠡᠪᠳᠡᠷᠡᠭᠰᠡᠨ ᠵᠡᠷᠭᠡ ᠪᠠᠶᠢᠳᠠᠯ ᠲᠠᠢ ᠰᠢᠯᠭᠠᠭᠤᠯᠤᠭᠴᠢ ᠳᠤ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ ᠤᠷᠢᠳᠠᠪᠠᠷ | ᠭᠦᠢᠴᠡᠳᠬᠡᠵᠦ᠂ ᠠᠩᠬ᠎ᠠ ᠳᠤᠮᠳᠠᠳᠤ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠭᠤᠯᠤᠭᠴᠢ ᠳᠤ | ᠪᠥᠬᠦ ᠬᠦᠴᠦᠨ ᠢᠶᠠᠷ ᠢᠶᠠᠨ ᠪᠠᠲᠤᠯᠠᠭ᠎ᠠ ᠬᠠᠩᠭᠠᠨ᠎ᠠ᠃ | ᠨᠢᠭᠡ᠂ ᠠᠩᠬ᠎ᠠ ᠳᠤᠮᠳᠠᠳᠤ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠰᠢᠯᠭᠠᠯᠳᠠ ᠳᠤ ᠰᠢᠯᠭᠠᠭᠤᠯᠤᠭᠴᠢ ᠶᠢᠨ ᠡᠷᠦᠬᠡ ᠠᠮᠠ ᠶᠢᠨ ᠬᠠᠷᠢᠶ᠎ᠠ ᠶᠢᠨ | ᠲᠤᠬᠠᠶᠢᠯᠠᠭᠰᠠᠨ ᠠᠵᠢᠯ ᠢ ︽ᠪᠠᠴᠢᠮ ᠲᠦᠷᠬᠡᠨ ᠬᠦᠢᠴᠡᠳᠬᠡᠨ᠎ᠠ︾᠃ | ᠠᠩᠬ᠎ᠠ ᠳᠤᠮᠳᠠᠳᠤ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠰᠢᠯᠭᠠᠯᠲᠠ ᠳᠤ ᠬᠤᠯᠪᠣᠭᠳᠠᠭᠰᠠᠨ ᠰᠢᠯᠭᠠᠭᠤᠯᠤᠭᠴᠢ ᠶᠢᠨ ᠡᠷᠦᠬᠡ ᠠᠮᠠ ᠶᠢᠨ ᠭᠤᠤᠯ | ᠵᠦᠢᠯᠡᠰ ᠢ ᠬᠤᠪᠢᠷᠠᠭᠤᠯᠬᠤ ᠴᠢᠬᠤᠯᠠᠳᠠᠢ ᠪᠣᠯ᠂ ᠪᠠᠲᠤᠯᠠᠬᠤ ᠭᠠᠷᠳᠠᠮ ᠨᠢ ᠪᠦᠷᠢᠨ ᠭᠦᠢᠴᠡᠳ ᠪᠠᠶᠢᠬᠤ ᠶᠢ ᠪᠠᠲᠤᠯᠠᠭᠰᠠᠨ ᠤᠷᠢᠲᠠᠯ ᠳᠣᠤᠷ᠎ᠠ᠂ ᠤᠷᠢᠳᠠᠪᠠᠷ ᠭᠥᠯᠢᠶᠡᠨ | ᠠᠪᠴᠤ ᠰᠢᠢᠳᠪᠦᠷᠢᠯᠡᠬᠦ᠂ ᠳᠥᠭᠦᠮᠴᠢᠯᠡᠨ ᠬᠢᠨᠠᠨ ᠬᠠᠷᠭᠤᠭᠤᠯᠬᠤ᠂ ᠤᠷᠢᠳᠠᠪᠠᠷ ᠳᠡᠭᠡᠭᠰᠢ ᠮᠡᠳᠡᠭᠦᠯᠬᠦ ᠵᠠᠷᠴᠢᠮ ᠶᠣᠰᠣᠭᠠᠷ᠂ ᠬᠠᠮᠤᠭ ᠤᠨ ᠣᠬᠤᠷ ᠬᠤᠭᠤᠴᠠᠭᠠᠨ ᠳᠤ | ᠠᠩᠬ᠎ᠠ ᠳᠤᠮᠳᠠᠳᠤ ᠲᠡᠭᠡᠳᠦ ᠲᠤᠮᠳᠠᠳᠤ ᠶᠢᠨ ᠤᠯᠤᠰ ᠤᠨ ᠰᠢᠯᠭᠠᠯᠲᠠ ᠳᠤ ᠤᠷᠤᠯᠴᠠᠭᠴᠢ ᠶᠢᠨ ᠬᠤᠪᠢᠷᠠᠭᠤᠯᠬᠤ ᠵᠦᠢᠯ ᠢ ᠬᠤᠪᠢᠷᠠᠭᠤᠯᠵᠤ᠂ ᠰᠢᠯᠭᠠᠭᠤᠯᠤᠭᠴᠢ ᠶᠢᠨ | ᠰᠣᠷᠣᠭᠴᠢ ᠡᠯᠰᠡᠬᠦ ᠨᠢᠬᠡᠳᠦᠯᠳᠠᠢ ᠰᠢᠯᠭᠠᠯᠲᠠ ᠳᠤ ᠤᠷᠤᠭᠰᠢᠲᠠᠶ ᠣᠷᠣᠯᠴᠠᠬᠤ ᠶᠢ ᠦᠨᠡᠨ ᠬᠦ ᠪᠠᠳᠤᠯᠠᠨ᠎ᠠ᠃ | ᠬᠤᠶᠠᠷ᠂ ᠠᠩᠬ᠎ᠠ ᠳᠤᠮᠳᠠᠳᠤ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠰᠢᠯᠭᠠᠯᠲᠠ ᠳᠤ ᠰᠢᠯᠭᠠᠭᠤᠯᠤᠭᠰᠠᠳ ᠤᠨ ᠪᠡᠶ᠎ᠡ ᠶᠢᠨ ᠦᠨᠡᠮᠯᠡᠯ ᠤᠨ | ᠲᠤᠬᠠᠶᠢᠯᠠᠭᠰᠠᠨ ᠠᠵᠢᠯ ᠢ ︽ᠤᠷᠢᠳᠠᠪᠠᠷ ᠭᠦᠢᠴᠡᠳᠬᠡᠨ᠎ᠡ︾᠃ | ᠪᠡᠶ᠎ᠡ ᠶᠢᠨ ᠦᠨᠡᠮᠯᠡᠯ ᠨᠥᠬᠦᠨ ᠠᠪᠬᠤ᠂ ᠬᠤᠭᠤᠴᠠᠭ᠎ᠠ ᠲᠤᠯᠪᠠᠯ ᠰᠣᠯᠢᠵᠤ ᠠᠪᠬᠤ ᠪᠠ ᠲᠦᠷ ᠴᠠᠭ ᠤᠨ ᠪᠡᠶ᠎ᠡ ᠶᠢᠨ ᠦᠨᠡᠮᠯᠡᠯ ᠭᠦᠢᠴᠡᠳᠭᠡᠬᠦ ᠵᠡᠷᠭᠡ | ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠯᠭᠠᠭᠤᠯᠤᠭᠴᠢ ᠳᠤ ᠵᠥᠪᠬᠡᠨ ᠪᠡᠶ᠎ᠡ ᠶᠢᠨ ᠦᠨᠡᠮᠯᠡᠯ ᠤᠨ ᠨᠣᠮᠧᠷ ᠢ ᠬᠠᠩᠭᠠᠪᠠᠯ ᠳᠠᠷᠤᠶ ᠤᠷᠢᠳᠠᠪᠠᠷ ᠭᠦᠢᠴᠡᠳᠭᠡᠬᠦ ᠶᠢᠨ | ᠬᠠᠮᠲᠤ᠂ ᠲᠣᠰ ᠡᠳᠦᠷ ᠲᠤ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠵᠤ ᠬᠦᠢᠴᠡᠳᠬᠡᠬᠦ ᠠᠵᠢᠯ ᠢ ᠪᠡᠶᠡᠯᠡᠭᠦᠯᠵᠦ᠂ ᠦᠨᠡᠮᠯᠡᠯ ᠭᠦᠢᠴᠡᠳᠭᠡᠬᠦ ᠴᠠᠭ ᠢ | ᠬᠠᠮᠤᠭ ᠤᠨ ᠶᠡᠭᠡ ᠬᠡᠮᠵᠢᠶ᠎ᠡ ᠪᠠᠷ ᠪᠣᠭᠤᠨᠢᠰᠬᠠᠬᠤ ᠬᠡᠷᠡᠭᠲᠡᠶ᠃ ᠡᠭᠦᠨ ᠤ ᠬᠠᠮᠲᠤ ︽ᠤᠷᠢᠳᠴᠢᠯᠠᠨ ᠪᠣᠯᠵᠣᠬᠤ ᠦᠢᠯᠡᠴᠢᠯᠡᠭᠡ︾ ᠶᠢ ᠨᠡᠪᠲᠡᠷᠡᠭᠦᠯᠵᠦ᠂ ᠰᠢᠯᠭᠠᠭᠤᠯᠬᠤ | ᠰᠤᠷᠤᠭᠴᠢᠳ ᠤᠨ ᠰᠤᠷᠤᠯᠭ᠎ᠠ ᠶᠢ ᠨᠥᠯᠥᠭᠡᠯᠡᠬᠦ ᠦᠭᠡᠢ ᠪᠠᠶᠢᠳᠠᠯ ᠳᠣᠣᠷ᠎ᠠ ᠡᠷᠦᠬᠡ ᠠᠮᠠ ᠶᠢᠨ ᠬᠠᠷᠢᠶ᠎ᠠ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠴᠠᠭ | ᠲᠤᠬᠠᠢ ᠳᠤ ᠨᠢ ᠭᠦᠢᠴᠡᠳᠬᠡᠬᠦ ᠳᠤ ᠳᠥᠭᠦᠮ ᠦᠵᠡᠭᠦᠯᠦᠨ᠎ᠡ᠃ | ᠭᠤᠷᠪᠠ᠂ ᠠᠩᠬ᠎ᠠ ᠳᠤᠮᠳᠠᠳᠤ ᠶᠡᠭᠡ ᠳᠡᠭᠡᠳᠦ ᠰᠤᠷᠭᠠᠭᠤᠯᠢ ᠶᠢᠨ ᠰᠢᠯᠭᠠᠭᠤᠯᠤᠭᠴᠢ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠲᠤᠬᠠᠶᠢᠯᠠᠭᠰᠠᠨ ᠠᠵᠢᠯ ᠢ | ︽ᠴᠠᠭ ᠲᠤᠬᠠᠶ ᠳᠤᠨᠢ ᠬᠦᠢᠴᠡᠳᠬᠡᠨ᠎ᠠ︾᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ︽ᠮᠠᠨ ᠤ ᠣᠷᠣᠨ ᠤ 2024 ᠣᠨ ᠤ ᠡᠩ ᠤᠨ | ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠬᠦ | ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠴᠣᠩᠬᠤᠪᠴᠢ ᠶᠢᠨ ᠠᠵᠢᠯᠲᠠᠳ ᠰᠢᠯᠭᠠᠭᠤᠯᠤᠭᠴᠢ ᠶᠢᠨ ᠦᠨᠳᠦᠰᠦᠲᠡᠨ ᠤ ᠪᠦᠷᠢᠯᠳᠦᠬᠦᠨ᠂ ᠡᠷᠦᠬᠡ ᠠᠮᠠ ᠶᠢᠨ | ᠮᠡᠳᠡᠭᠡ ᠵᠠᠩᠭᠢ᠂ ᠡᠷᠦᠬᠡ ᠠᠮᠠ ᠣᠷᠣᠭᠤᠯᠤᠭᠰᠠᠨ ᠴᠠᠭ᠂ ᠡᠷᠦᠬᠡ ᠠᠮᠠ ᠤᠷᠤᠭᠰᠠᠨ ᠰᠢᠯᠲᠠᠭᠠᠨ᠂ ᠡᠷᠦᠬᠡ ᠠᠮᠠ ᠨᠡᠭᠦᠯᠭᠡᠭᠰᠡᠨ ᠵᠠᠮ ᠮᠥᠷ ᠵᠢᠴᠢ | ᠬᠤᠪᠢᠷᠠᠭᠤᠯᠤᠭᠰᠠᠨ ᠪᠠᠶᠢᠳᠠᠯ ᠵᠡᠷᠭᠡ ᠶᠢ ᠬᠠᠷᠭᠤᠭᠤᠯᠤᠨ ᠪᠠᠶᠢᠴᠠᠭᠠᠬᠤ ᠴᠢᠬᠤᠯᠠᠲᠠᠶ ᠮᠡᠳᠡᠭᠡ ᠵᠠᠩᠭᠢ ᠶᠢ ᠭᠥᠯᠢᠶᠡᠨ ᠠᠪᠤᠭᠰᠠᠨ ᠤ ᠳᠠᠷᠠᠭ᠎ᠠ᠂ ᠱᠠᠭᠠᠷᠳᠠᠯᠭ᠎ᠠ ᠶᠣᠰᠣᠭᠠᠷ | ᠲᠡᠷᠡ ᠳᠠᠷᠤᠶ ᠳᠤᠨᠢ ᠬᠠᠷᠭᠤᠭᠤᠯᠤᠨ ᠪᠠᠶᠢᠴᠠᠭᠠᠵᠤ ᠬᠠᠷᠢᠭᠤ ᠲᠤᠰᠬᠠᠨ᠎ᠠ᠃ | ᠪᠣᠯᠵᠣᠬᠤ ᠤᠲᠠᠰᠤ᠄ 0476 - 6235023᠂ 0476 - 6290220 | ᠤᠷᠳᠤᠳᠬᠠᠬᠤ ᠴᠠᠭ᠄ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠤᠨ ᠦᠳᠡ ᠶᠢᠨ ᠡᠮᠦᠨ᠎ᠡ 9᠄ 00-12᠄ 00 | ᠭᠦᠢᠴᠡᠳᠭᠡᠬᠦ ᠬᠠᠶ᠋ᠢᠭ᠄ ᠪᠠᠭᠠᠷᠢᠨ ᠪᠠᠷᠠᠭᠤᠨ ᠬᠤᠰᠢᠭᠤᠨ ᠤ ᠴᠠᠭᠠᠨ ᠮᠥᠷᠡᠨ ᠵᠡᠭᠡᠯᠢ ᠶᠢᠨ 125 ᠨᠤᠮᠧᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠤᠨ ᠨᠢᠭᠡᠳᠦᠭᠡᠷ ᠳᠠᠪᠬᠤᠷᠯᠢᠭ ᠤᠨ ᠳᠣᠲᠣᠭᠠᠳᠤ ᠶᠢ ᠬᠠᠮᠠᠭᠠᠯᠠᠬᠤ ᠲᠤᠰᠬᠠᠢ ᠲᠣᠭᠤᠷᠢᠭ |