| | | 5 ᠰᠠᠷ᠎ᠠ ᠶᠢᠨ 29 ᠤ ᠡᠳᠦᠷ᠂ ᠬᠤᠲᠠ ᠶᠢᠨ ᠡᠪᠯᠡᠯ ᠤᠨ ᠬᠤᠷᠢᠶ᠎ᠠ ᠮᠠᠨ ᠤ ᠬᠤᠰᠢᠭᠤᠨ ᠳᠤ ᠤᠯᠠᠭᠠᠨᠬᠠᠳᠠ ᠬᠤᠲᠠ ᠶᠢᠨ ᠶᠡᠷᠦᠩᠬᠡᠶ ᠱᠦᠵᠢ ᠰᠢ ᠶᠢᠨ | ᠫᠢᠩ ᠤᠨ ᠰᠢᠶᠧ ᠢ ᠲᠧ ᠪᠠᠭ᠎ᠠ ᠰᠤᠷᠭᠠᠭᠤᠯᠢ ᠶᠢᠨ ᠬᠢᠯᠢ ᠬᠢᠵᠠᠭᠠᠷ ᠢ ᠰᠠᠬᠢᠵᠤ ᠰᠤᠷᠭᠠᠨ ᠬᠥᠮᠦᠵᠢᠯ ᠢ ᠳᠡᠮᠵᠢᠬᠦ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ | ᠳᠤᠷ᠎ᠠ ᠶᠢᠨ ᠠᠵᠢᠯᠯᠠᠭᠴᠢ ᠶᠢᠨ ᠦᠢᠯᠡᠴᠢᠯᠡᠬᠡᠨ ᠤ ᠠᠩᠭᠢ ᠶᠢᠨ ᠭᠡᠰᠢᠭᠦᠳ ᠲᠤ ᠦᠭᠬᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠬᠠᠭᠤᠯᠤᠨ | ᠲᠤᠤᠱᠯᠠᠭᠤᠯᠬᠤ ᠵᠢᠴᠢ ᠪᠥᠬᠦ ᠬᠤᠲᠠ ᠶᠢᠨ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠲᠤᠷᠠᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ | ᠡᠪᠯᠡᠯ ᠤᠨ ᠬᠤᠷᠢᠶ᠎ᠡ ᠶᠢᠨ ᠳᠡᠳ᠋ ᠱᠦᠵᠢ ᠰᠥᠩ ᠺᠧ ᠴᠢᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ ᠸᠠᠩ ᠶᠠᠨ ᠰᠢᠶᠠ ᠬᠤᠷᠠᠯ ᠳᠤ ᠰᠠᠭᠠᠳᠡᠪᠡ᠃ | ᠪᠠᠭᠠᠷᠢᠨ ᠪᠠᠷᠠᠭᠤᠨ ᠬᠤᠰᠢᠭᠤᠨ ᠤ ᠡᠪᠯᠡᠯ ᠤᠨ ᠬᠤᠷᠢᠶ᠎ᠡ ᠶᠢᠨ ᠬᠠᠷᠢᠭᠤᠴᠠᠯᠭᠠᠲᠠᠨ᠂ ᠬᠡᠰᠢᠭᠲᠡᠨ ᠬᠤᠰᠢᠭᠤᠨ ᠤ ᠡᠪᠯᠡᠯ ᠤᠨ ᠬᠤᠷᠢᠶ᠎ᠡ ᠶᠢᠨ ᠬᠠᠷᠢᠭᠤᠴᠠᠯᠭᠠᠲᠠᠨ | ᠂ ᠣᠩᠨᠢᠭᠤᠳ ᠬᠤᠰᠢᠭᠤᠨ ᠤ ᠡᠪᠯᠡᠯ ᠤᠨ ᠬᠤᠷᠢᠶ᠎ᠡ ᠶᠢᠨ ᠬᠠᠷᠢᠭᠤᠴᠠᠯᠭᠠᠲᠠᠨ ᠡᠯ᠎ᠡ ᠬᠤᠰᠢᠭᠤ ᠰᠢᠶᠠᠨ ᠤ ᠲᠥᠷᠥᠯ ᠵᠦᠢᠯ ᠤᠨ ᠠᠯᠪᠠᠨ ᠭᠡᠷ ᠢ ᠲᠥᠯᠥᠭᠡᠯᠡᠨ | ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ︔ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠤ ᠳᠥᠷᠪᠡᠳᠦᠭᠡᠷ ᠳᠤᠮᠳᠠᠳᠤ ᠰᠤᠷᠭᠠᠭᠤᠯᠢ᠂ ᠴᠠᠭᠠᠨᠮᠥ᠋ᠷᠡᠨ ᠰᠤᠮᠤ ᠶᠢᠨ | ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷᠠᠭᠤᠨ ᠣᠷᠣᠨ ᠤ ᠲᠥᠯᠥᠪᠯᠡᠭᠡ ᠶᠢᠨ ᠬᠥᠮᠦᠨ | ᠬᠡᠷᠡᠭᠯᠡᠬᠦ ᠨᠢᠭᠡᠴᠡ ᠶᠢ ᠲᠥᠯᠥᠭᠡᠯᠡᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ︔ ᠡᠯ᠎ᠡ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠳ ᠤᠨ | ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠲᠦᠷᠦᠯ ᠵᠦᠢᠯ ᠤᠨ ᠠᠯᠪᠠᠨ ᠭᠡᠷ ᠤᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ᠂ ᠪᠠᠷᠠᠭᠤᠨ ᠣᠷᠣᠨ ᠤ ᠲᠥᠯᠥᠪᠯᠡᠭᠡ ᠶᠢᠨ ᠠᠵᠢᠯ ᠢ ᠰᠠᠶᠢᠲᠤᠷ ᠬᠢᠬᠦ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠷᠭ᠎ᠠ | ᠵᠠᠮ ᠢ ᠭᠦᠨᠵᠡᠭᠡᠢ ᠡᠵᠡᠮᠳᠡᠵᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠬᠤᠳᠠ ᠶᠢᠨ ᠵᠠᠯᠠᠭᠤ ᠰᠠᠶᠢᠨ ᠲᠤᠷᠠᠴᠤᠳ ᠤᠨ ᠠᠵᠢᠯ ᠤᠨ | ᠲᠤᠰᠬᠠᠶᠢᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠪᠠᠷᠠᠭᠤᠨ ᠣᠷᠣᠨ ᠤ ᠲᠥᠯᠥᠪᠯᠡᠭᠡ ᠶᠢᠨ ᠡᠨᠡᠬᠦ ᠴᠢᠳᠠᠪᠤᠷᠢᠲᠠᠨ ᠤ | ᠢᠨᠵᠧᠨᠧᠷᠢᠩ ᠤᠨ ᠲᠦᠷᠦᠯ ᠲᠡᠮᠳᠡᠭ ᠢ ᠭᠡᠷᠡᠯᠳᠦᠬᠦᠯᠵᠦ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠲᠤᠷᠠᠴᠤᠳ ᠤᠨ ᠦᠨᠡᠨ ᠬᠦ ︽ᠪᠠᠭᠤᠵᠤ ᠳᠡᠶᠢᠯᠬᠦ᠂ | ᠠᠭᠤᠰᠴᠤ ᠳᠡᠶᠢᠯᠬᠦ᠂ ᠰᠠᠶᠢᠨ ᠠᠵᠢᠯᠯᠠᠵᠤ ᠳᠡᠶᠢᠯᠬᠦ᠂ ᠦᠯᠡᠳᠡᠭᠡᠵᠦ ᠳᠡᠶᠢᠯᠬᠦ︾ ᠶᠢ ᠪᠠᠲᠤᠯᠠᠬᠤ ᠬᠡᠷᠡᠭᠲᠡᠢ᠃ | ᠬᠤᠷᠠᠯ ᠠᠴᠠ ᠡᠮᠦᠨ᠎ᠡ᠂ ᠰᠦᠩ ᠺᠧ ᠴᠢᠨ ᠨᠠᠷ ᠳ᠋ᠠᠪᠠᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠵᠢᠶᠠᠩᠰᠦ ᠶᠡᠭᠡ ᠰᠤᠷᠭᠠᠭᠤᠯᠢ ᠶᠢᠨ | ᠠᠰᠫᠢᠷᠠᠨᠲ ᠤᠨ ᠰᠤᠷᠭᠠᠨ ᠬᠥᠮᠦᠵᠢᠯ ᠢ ᠳᠡᠮᠵᠢᠬᠦ ᠪᠦᠯᠬᠦᠮ ᠤᠨ ᠪᠦᠷᠢᠯᠳᠦᠬᠦᠨ ᠢ ᠪᠣᠯᠭᠤᠭᠠᠨ ᠦᠵᠡᠭᠰᠡᠨ ᠪᠥᠭᠡᠳ ᠪᠦᠬᠦ ᠬᠤᠳᠠ ᠶᠢᠨ ᠪᠠᠷᠠᠭᠤᠨ ᠣᠷᠣᠨ ᠤ | ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢ ᠲᠣᠬᠤᠨᠢᠭᠤᠯᠵᠠᠢ᠃ |