2025 ᠣᠨ ᠤ ᠪᠠᠭᠠᠷᠢᠨ ᠪᠠᠷᠠᠭᠤᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠶᠢᠰᠦᠳᠦᠭᠡᠷ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠡᠳᠦᠷ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2025/5/30
      5 ᠰᠠᠷ᠎ᠠ ᠶᠢᠨ 29᠎ ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠭᠤᠤᠯᠯᠠᠨ ᠡᠷᠭᠢᠯᠡᠭᠰᠡᠨ ᠪᠠᠭᠠᠷᠢᠨ ᠪᠠᠷᠠᠭᠤᠨ ᠬᠤᠰᠢᠭᠤᠨ ᠤ 2025 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠶᠢᠰᠦᠳᠦᠭᠡᠷ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠡᠳᠦᠷ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠫᠧᠩ ᠬᠤᠩ ᠶᠠᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠮᠢᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠢ ᠠᠵᠢᠯᠯᠠᠭ᠎ᠠ ᠳᠤ ᠰᠠᠭᠠᠳᠠᠵᠠᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠭᠡᠯᠡᠭᠴᠢ ᠣᠷᠣᠯᠴᠠᠪᠠ᠃     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠪᠡᠶᠡᠴᠢᠯᠡᠨ ᠣᠶᠢᠯᠠᠭᠠᠬᠤ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠭᠡ ᠶᠢᠨ ᠲᠣᠭᠤᠷᠢᠭ ᠭᠠᠷᠭᠠᠵᠤ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠡᠯᠧᠺᠲᠷᠤᠨ ᠨᠣᠬᠠᠶ᠂ ᠮᠠᠰᠢᠨ ᠬᠥᠮᠦᠨ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠪᠦᠲᠦᠭᠡᠭᠳᠡᠬᠦᠨ ᠢ ᠳᠡᠯᠭᠡᠨ ᠦᠵᠡᠭᠦᠯᠪᠡ︔ ᠰᠠᠶᠢᠬᠠᠨ ᠬᠠᠨ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠲᠣᠰ ᠲᠣᠰ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠲᠠᠨᠢᠯᠴᠠᠭᠤᠯᠭ᠎ᠠ ᠬᠢᠪᠡ︔ ᠬᠤᠰᠢᠭᠤᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠰᠠᠯᠠᠭ᠎ᠠ ᠮᠥᠴᠢᠷ ᠲᠤᠬᠠᠶ ᠶᠢᠨ ᠲᠠᠯᠠᠪᠠᠶ ᠳᠤ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠵᠦ᠂ ᠠᠰᠠᠭᠤᠨ ᠯᠠᠪᠯᠠᠬᠤ ᠲᠠᠪᠴᠠᠩ ᠭᠠᠷᠭᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠤᠩᠰᠢᠬᠤ ᠪᠢᠴᠢᠭ ᠪᠠ ᠬᠡᠷᠡᠭᠯᠡᠭᠡᠨ ᠤ ᠮᠡᠷᠭᠡᠵᠢᠯ ᠤᠨ ᠭᠠᠷ ᠳᠡᠪᠲᠡᠷ ᠲᠠᠷᠬᠠᠭᠠᠵᠤ᠂ ᠣᠯᠠᠨ ᠲᠦᠮᠡᠨ ᠳᠤ ᠦᠢᠷ᠎ᠠ ᠵᠠᠢ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ᠂ ᠵᠢᠪᠬᠤᠭ᠎ᠠ ᠶᠢ ᠮᠡᠳᠡᠷᠡᠭᠦᠯᠪᠡ᠃      ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠢ ᠡᠷᠬᠢᠯᠡᠭᠰᠡᠨ ᠨᠢ ᠪᠥᠬᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠪᠠᠷᠠᠬᠤ ᠥᠬᠡᠶ᠂ ᠨᠠᠩ ᠴᠤ ᠨᠡᠶᠢᠭᠡᠮ ᠳᠠᠶᠠᠭᠠᠷ ᠲᠤ ᠰᠢᠨᠵᠢᠯᠡᠬᠦ ᠤᠬᠠᠭᠠᠨ ᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠪᠠ᠃ ᠬᠤᠶᠢᠰᠢᠳᠠ᠂ ᠪᠠᠭᠠᠷᠢᠨ ᠪᠠᠷᠠᠭᠤᠨ ᠬᠤᠰᠢᠭᠤ ᠣᠯᠠᠨ ᠶᠠᠩᠵᠤ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭ ᠲᠦᠮᠡᠨ ᠠᠶᠢᠯ ᠡᠷᠦᠬᠡ ᠳᠤ ᠣᠷᠣᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ