ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠳᠡᠳ᠋ ᠲᠡᠷᠢᠭᠦᠯᠡᠭᠴᠢ ᠰᠦᠨ ᠵᠢᠩ ᠬᠤᠸᠠ ᠮᠠᠨ ᠤ ᠬᠤᠰᠢᠭᠤᠨ ᠳᠤ ᠢᠷᠡᠵᠦ ︽ᠬᠠᠣᠯᠢ ᠪᠠᠷ ᠦᠰᠦᠨ ᠪᠤᠶᠢᠵᠢᠯᠳᠡ ᠶᠢ ᠬᠠᠮᠠᠭᠠᠯᠠᠵᠤ · ᠬᠡᠤᠬᠡᠳ ᠤᠨ ᠰᠡᠳᠬᠢᠯ ᠢ ᠳᠤᠯᠠᠭᠠᠴᠠᠭᠤᠯᠬᠤ︾ ᠵᠢᠷᠭᠤᠭᠠᠨ ᠰᠠᠷ᠎ᠠ ᠶᠢᠨ ᠨᠢᠭᠡᠨ ᠤ ᠳᠡᠯᠡᠬᠡᠶ ᠶᠢᠨ ᠬᠡᠦᠬᠡᠳ ᠤᠨ ᠪᠠᠶᠠᠷ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/30
      5 ᠰᠠᠷ᠎ᠠ ᠶᠢᠨ 29᠎ ᠤ ᠡᠳᠦᠷ᠂ ᠤᠯᠠᠭᠠᠨᠬᠠᠳᠠ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠳᠡᠳ᠋ ᠲᠡᠷᠢᠭᠦᠯᠡᠭᠴᠢ ᠰᠦᠨ ᠵᠢᠩ ᠬᠤᠸᠠ ᠮᠠᠨ ᠤ ᠬᠤᠰᠢᠭᠤᠨ ᠤ ᠪᠠᠶᠠᠨᠲᠠᠯ᠎ᠠ ᠰᠤᠮᠤ ᠶᠢᠨ ᠭᠤᠤᠯ ᠪᠠᠭ᠎ᠠ ᠰᠤᠷᠭᠠᠭᠤᠯᠢ ᠳᠤ ᠢᠷᠡᠵᠦ ︽ᠬᠠᠣᠯᠢ ᠪᠠᠷ ᠦᠰᠦᠨ ᠪᠤᠶᠢᠵᠢᠯᠲᠠ ᠶᠢ ᠬᠠᠮᠠᠭᠠᠯᠠᠵᠤ᠂ ᠬᠡᠦᠬᠡᠳ ᠤᠨ ᠰᠡᠳᠬᠢᠯ ᠢ ᠳᠤᠯᠠᠭᠠᠴᠠᠭᠤᠯᠬᠤ︾ ᠵᠢᠷᠭᠤᠭᠠᠨ ᠰᠠᠷ᠎ᠠ ᠶᠢᠨ ᠨᠢᠭᠡᠨ ᠤ ᠳᠡᠯᠡᠬᠡᠶ ᠶᠢᠨ ᠬᠡᠦᠬᠡᠳ ᠤᠨ ᠪᠠᠶᠠᠷ ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠵᠠᠩ ᠰᠢᠤᠸᠠᠢ ᠯᠸᠢ ᠠᠵᠢᠯᠯᠠᠭᠠᠨ ᠳᠤ ᠰᠠᠭᠠᠳᠠᠵᠠᠢ᠃     ᠠᠵᠢᠯᠯᠠᠭ᠎ᠠ ᠶᠢᠨ ᠳᠤᠮᠳᠠ᠂ ᠲᠣᠬᠤᠨᠢᠭᠤᠯᠬᠤ ᠳᠤᠭᠤᠶᠢᠯᠠᠩ ᠤᠨ ᠬᠢᠨ ᠬᠡᠦᠬᠡᠳ ᠤᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠰᠤᠷᠤᠯᠴᠠᠯᠭ᠎ᠠ᠂ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠢ ᠢᠳᠡᠪᠬᠢᠲᠡᠢ ᠪᠠᠶᠠᠰᠤᠩᠭᠤᠢ ᠠᠮᠢᠳᠤᠷᠠᠯ ᠤᠨ ᠣᠪᠣᠷ ᠲᠠᠢ ᠪᠠᠶᠢᠵᠤ᠂ ᠴᠢᠷᠮᠠᠶᠢᠨ ᠰᠤᠷᠤᠯᠴᠠᠵᠤ᠂ ᠠᠯᠤᠰ ᠬᠡᠳᠦ ᠶᠢᠨ ᠵᠣᠷᠢᠯᠲᠠ ᠲᠠᠢ ᠪᠠᠶᠢᠬᠤ ᠶᠢ ᠬᠦᠰᠡᠨ ᠵᠣᠷᠢᠭᠵᠢᠭᠤᠯᠪᠠ᠃ ᠠᠵᠢᠯᠯᠠᠭ᠎ᠠ ᠶᠢᠨ ᠬᠤᠭᠤᠴᠠᠭᠠᠨ ᠳᠤ᠂ 37 ᠰᠤᠷᠤᠭᠴᠢᠳ ᠲᠤ ᠪᠢᠴᠢᠭ ᠤᠨ ᠪᠣᠭᠴᠣ᠂ ᠨᠣᠮ ᠪᠢᠴᠢᠭ᠂ ᠪᠢᠴᠢᠭ ᠤᠨ ᠬᠡᠷᠡᠭᠰᠡᠯ᠂ ᠰᠠᠭᠰᠤᠨ ᠪᠥᠮᠪᠦᠭᠡ ᠵᠢᠴᠢ ᠬᠥᠯ ᠪᠥᠮᠪᠦᠭᠡ ᠵᠡᠷᠭᠡ ᠰᠣᠶᠣᠯ ᠪᠡᠶ᠎ᠡ ᠶᠢᠨ ᠲᠠᠮᠢᠷ ᠤᠨ ᠰᠤᠷᠤᠯᠭ᠎ᠠ ᠶᠢᠨ ᠬᠡᠷᠡᠭᠰᠡᠯ ᠢ ᠲᠦᠭᠡᠭᠡᠵᠦ᠂ ᠰᠤᠷᠤᠯᠴᠠᠬᠤ ᠡᠳ᠋ ᠪᠣᠳᠠᠰ ᠢ ᠬᠠᠩᠭᠠᠭᠰᠠᠨ ᠢᠶᠠᠷ ᠪᠠᠷᠠᠬᠤ ᠦᠭᠡᠢ᠂ ᠨᠡᠩ ᠴᠤ ᠰᠤᠷᠤᠭᠴᠢᠳ ᠲᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠴᠠ ᠢᠷᠡᠭᠰᠡᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠰᠤᠷᠤᠭᠴᠢᠳ ᠢ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠢᠷᠭᠠᠭᠤ ᠰᠤᠷᠤᠯᠴᠠᠵᠤ᠂ ᠢᠳᠡᠪᠬᠢᠲᠡᠢ ᠪᠠᠷ ᠤᠷᠤᠭᠰᠢᠯᠠᠨ ᠲᠠᠪᠰᠢᠬᠤ ᠶᠢ ᠵᠣᠷᠢᠭᠵᠢᠭᠤᠯᠪᠠ᠃    ᠠᠵᠢᠯᠯᠠᠭ᠎ᠠ ᠶᠢᠨ ᠵᠣᠷᠢᠯᠭ᠎ᠠ ᠨᠢ ᠪᠣᠳᠠᠲᠤ ᠠᠵᠢᠯᠯᠠᠭ᠎ᠠ ᠪᠠᠷ ᠢᠶᠠᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠲᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢᠯᠠᠯ ᠢ ᠮᠡᠳᠡᠷᠡᠭᠦᠯᠵᠦ᠂ ᠠᠵᠢᠯᠲᠠᠨ ᠠᠵᠢᠯᠴᠢᠨ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠭᠰᠡᠨ ᠦᠷ᠎ᠡ ᠪᠦᠲᠦᠮᠵᠢ ᠶᠢ ᠮᠡᠳᠡᠷᠡᠭᠦᠯᠵᠦ᠂ ᠨᠡᠶᠢᠭᠡᠮ ᠳᠠᠶᠠᠭᠠᠷ ᠲᠤ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠠᠩᠬᠠᠷᠤᠨ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠲᠡᠳᠡᠨ ᠤ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ ᠶᠢᠨ ᠲᠥᠯᠥᠭᠡ ᠶᠤᠮ᠃   
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ