ᠰᠢᠷᠠᠮᠥ᠋ᠷᠡᠨ ᠰᠤᠮᠤ ᠤᠭ ᠰᠠᠨᠠᠭ᠎ᠠ ᠪᠠᠨ ᠪᠠᠲᠤ ᠰᠠᠬᠢᠵᠤ ᠬᠥᠬᠡᠮᠳᠦᠭ ᠨᠤᠭᠤᠭᠠᠨ ᠠᠭᠤᠯᠠ ᠪᠠᠨ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2025/5/7
      ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢ ᠠᠬᠤᠢ ᠶᠢᠨ ᠬᠠᠯᠬᠠᠪᠴᠢ ᠶᠢ ᠪᠠᠲᠤ ᠴᠤᠭᠴᠠᠯᠠᠬᠤ ᠶᠢᠨ ᠲᠦᠯᠦᠬᠡ᠂ ᠰᠢᠷᠠᠮᠦ᠋ᠷᠡᠨ ᠰᠤᠮᠤ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠠᠬᠢᠭᠤᠯᠪᠠ᠃      ᠤᠳᠤᠷᠢᠳᠬᠤ ᠪᠠᠭ ᠤᠨ ᠪᠦᠷᠢᠯᠳᠦᠬᠦᠨ ᠠᠩᠭᠢ ᠳᠠᠭᠠᠭᠤᠯᠤᠨ ᠨᠢᠭᠡᠳᠦᠭᠡᠷ ᠹᠷᠣᠨᠲ ᠲᠤ ᠬᠦᠷᠴᠦ᠂ ᠭᠠᠴᠠᠭ᠎ᠠ ᠲᠣᠰᠬᠤᠨ᠂ ᠲᠠᠷᠢᠶᠠᠨ ᠭᠠᠵᠠᠷ ᠲᠤ ᠭᠦᠨᠵᠡᠭᠡᠶᠢᠷᠡᠨ᠂ ᠵᠢᠷᠤᠭ ᠲᠤᠯᠪᠤ ᠲᠠᠢ ᠬᠠᠷᠭᠤᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠪᠠ᠃ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠭᠠᠵᠠᠷ ᠲᠤ ︽ᠱᠦᠭᠦᠷᠳᠡᠯᠳᠠ ᠮᠠᠶ᠋ᠢᠭ︾᠎ ᠤᠨ ᠡᠷᠬᠢᠨ ᠬᠠᠷᠠᠬᠤ ᠠᠵᠢᠯ ᠢ ᠥᠷᠨᠢᠭᠦᠯᠵᠦ᠂ ᠤᠷᠭᠤᠮᠠᠯ ᠤᠨ ᠬᠤᠴᠢᠯᠭ᠎ᠠ ᠶᠢ ᠨᠥᠬᠦᠵᠦ ᠳᠠᠷᠢᠬᠤ ᠠᠴᠠ ᠰᠡᠷᠭᠦᠭᠡᠨ ᠰᠢᠨᠡᠳᠬᠡᠬᠦ ᠬᠦᠷᠲᠡᠯ᠎ᠡ᠂ ᠶᠠᠰᠤ ᠴᠢᠨᠠᠷ ᠢ ᠪᠦᠷᠢᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ︔ ᠰᠢᠨ᠎ᠡ ᠪᠠᠷ ᠢᠯᠡᠷᠡᠭᠦᠯᠦᠭᠰᠡᠨ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠰᠦᠪᠡᠭᠴᠢ ᠳᠤ ᠴᠢᠭᠯᠡᠭᠦᠯᠦᠨ᠂ ᠲᠤᠬᠠᠢ ᠶᠢᠨ ᠲᠠᠯᠠᠪᠠᠢ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢ ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ ᠠᠰᠠᠭᠤᠳᠠᠯ ᠢ ᠬᠥᠳᠡᠯᠦᠩᠭᠦᠢ ᠪᠠᠷ ᠦᠭᠡᠢ ᠪᠣᠯᠭᠠᠬᠤ ᠶᠢ ᠠᠬᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠤᠯᠠᠭᠠᠨ ᠱᠤᠭᠤᠮ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃      ᠬᠥᠳᠡᠭᠡ ᠪᠠᠭᠤᠵᠤ ᠠᠵᠢᠯᠯᠠᠬᠤ ᠠᠩᠭᠢ ᠪᠠᠶᠢᠭᠤᠯᠵᠤ᠂ ᠠᠶᠢᠯ ᠡᠷᠦᠬᠡ ᠳᠤ ᠬᠦᠷᠴᠦ᠂ ᠸᠢᠴᠠᠲ ᠤᠨ ᠣᠯᠠᠨ ᠨᠡᠶᠢᠲᠡ ᠶᠢᠨ ᠨᠣᠮᠧᠷ᠂ ᠸᠢᠴᠠᠲ ᠤᠨ ᠴᠤᠭᠯᠠᠷᠠᠯ ᠵᠡᠷᠭᠡ ᠣᠯᠠᠨ ᠵᠦᠢᠯ ᠤᠨ ᠠᠷᠭ᠎ᠠ ᠵᠠᠮ ᠢ  ᠭᠦᠢᠴᠡᠳ ᠠᠰᠢᠭᠯᠠᠨ ᠥᠷᠭᠡᠨ ᠣᠯᠠᠨ ᠲᠦᠮᠡᠨ ᠳᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠬᠤᠤᠷ ᠬᠥᠨᠥᠭᠡᠯ ᠢ ᠲᠦᠭᠡᠮᠡᠯᠵᠢᠭᠦᠯᠬᠦ ᠵᠢᠴᠢ ᠴᠡᠭᠴᠡᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠲᠠᠨᠢᠭᠤᠯᠤᠨ᠎ᠠ᠃ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠣᠯᠠᠨ ᠲᠦᠮᠡᠨ ᠳᠤ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠠᠴᠠ ᠪᠣᠯᠤᠭᠰᠠᠨ ᠮᠠᠭᠤ ᠦᠷ᠎ᠡ ᠳ᠋ᠦᠩ ᠢ ᠲᠠᠶᠢᠯᠪᠤᠷᠢᠯᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠭᠠᠵᠠᠷ ᠰᠢᠷᠣᠶ ᠬᠡᠷᠡᠭᠯᠡᠬᠦ ᠵᠥᠪ ᠦᠵᠡᠯᠲᠡ ᠲᠠᠢ ᠪᠣᠯᠭᠠᠵᠤ᠂ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠨ᠎ᠠ᠃      ︽ᠺᠠᠳ᠋ᠷ ᠬᠡᠰᠡᠭ ᠳᠠᠭᠠᠭᠠᠴᠢᠯᠠᠨ ᠡᠷᠦᠬᠡ ᠲᠠᠢ ᠬᠤᠯᠪᠣᠭᠠᠯᠠᠬᠤ︾ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠵᠢᠷᠤᠭ ᠤᠨ ᠲᠣᠯᠪᠤ ᠶᠢ ᠬᠠᠷᠭᠤᠭᠤᠯᠤᠨ ᠪᠠᠶᠢᠴᠠᠭᠠᠬᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠠᠵᠢᠯ ᠢ ᠬᠥᠮᠦᠨ ᠳᠤ ᠬᠦᠷᠲᠡᠯ᠎ᠡ ᠨᠠᠷᠢᠯᠢᠬᠵᠢᠭᠤᠯᠪᠠ︔ ︽ᠸᠢᠴᠠᠲ ᠤᠨ ᠬᠤᠯᠪᠤᠭ᠎ᠠ︾᠎ ᠶᠢ ᠪᠠᠶᠢᠭᠤᠯᠵᠤ᠂ ᠠᠰᠠᠭᠤᠳᠠᠯ ᠢ ᠴᠠᠭ ᠲᠤᠬᠠᠢ ᠳᠤᠨᠢ ᠲᠣᠬᠢᠷᠠᠭᠤᠯᠤᠨ ᠬᠠᠷᠢᠭᠤ ᠲᠤᠰᠬᠠᠵᠤ᠂ ᠲᠦᠷᠢᠮ ᠤᠨ ᠰᠢᠨ᠎ᠡ ᠶᠢ ᠡᠭᠦᠳᠬᠦ ᠪᠠᠷ ᠪᠦᠬᠦ ᠠᠵᠢᠯᠳᠠᠨ ᠤ ᠨᠣᠭᠤᠭᠠᠷᠠᠭᠤᠯᠤᠯᠲᠠ ᠶᠢ ᠬᠠᠮᠠᠭᠠᠯᠠᠬᠤ ᠬᠥᠳᠡᠯᠭᠡᠬᠦ ᠬᠦᠴᠦᠨ ᠢ ᠬᠥᠭᠵᠢᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠣᠬᠢᠷᠲᠤᠯ ᠦᠭᠡᠢ ᠰᠠᠭᠤᠷᠢ ᠶᠢ ᠪᠠᠲᠤᠳᠬᠠᠨ᠎ᠠ᠃      ᠳᠠᠷᠠᠭᠠᠴᠢ ᠶᠢᠨ ᠠᠯᠬᠤᠮ ᠳᠤ᠂ ᠰᠢᠷᠠᠮᠦ᠋ᠷᠡᠨ ᠰᠤᠮᠤ ᠬᠥᠬᠡᠮᠳᠦᠭ ᠨᠣᠭᠤᠭᠠᠨ ᠠᠭᠤᠯᠠ ᠤᠰᠤ ᠶᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠠᠮᠢ ᠠᠬᠤᠢ ᠰᠠᠶᠢᠬᠠᠨ᠂ ᠠᠵᠤ ᠦᠢᠯᠡᠰ ᠬᠥᠭᠵᠢᠭᠰᠡᠨ᠂ ᠠᠷᠠᠳ ᠤᠯᠠᠨ ᠪᠠᠶᠠᠵᠢᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ