| | | ᠣᠶᠢᠷ᠎ᠠ ᠶᠢᠨ ᠵᠢᠯ ᠠᠴᠠ᠂ ᠵᠢᠷᠭᠠᠯ ᠤᠨ ᠵᠠᠮ ᠰᠤᠮᠤ ᠶᠢᠨ ᠴᠠᠭᠠᠬᠤᠰᠤ ᠭᠠᠴᠠᠭ᠎ᠠ ᠨᠢ ᠵᠠᠩ ᠳᠠᠳᠬᠠᠯ ᠢ ᠥᠭᠡᠷᠡᠴᠢᠯᠡᠬᠦ ᠪᠠᠷ ᠭᠠᠷᠳᠠᠴᠠ ᠪᠣᠯᠭᠠᠵᠤ᠂ ᠠᠷᠠᠳ ᠤᠨ | ᠠᠮᠢᠳᠤᠷᠠᠯ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠪᠣᠯᠪᠠᠰᠤᠨ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢ ᠠᠬᠢᠭᠤᠯᠪᠠ᠃ | ᠨᠠᠮ ᠤᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠵᠤ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠪᠠᠷ | ᠠᠷᠠᠳ ᠤᠨ ᠰᠡᠳᠬᠢᠯ ᠢ ᠤᠮᠳᠠᠯᠠᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠲᠤ ᠲᠦᠰᠢᠭᠯᠡᠨ᠂ ︽ᠬᠡᠪ ᠵᠠᠩᠰᠢᠯ ᠢ | ᠥᠭᠡᠷᠡᠴᠢᠯᠡᠬᠦ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠪᠠᠶᠢᠩᠭᠤᠵᠢᠭᠤᠯᠤᠨ | ᠥᠷᠨᠢᠭᠦᠯᠦᠨ᠎ᠡ︔ ᠡᠮᠴᠢᠯᠡᠭᠡᠨ ᠤ ᠪᠠᠶᠢᠭᠤᠯᠤᠮᠵᠢ ᠲᠠᠢ ᠬᠤᠯᠪᠣᠭᠠᠯᠠᠨ ᠰᠠᠷ᠎ᠠ ᠪᠦᠷᠢ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠥᠬᠡᠶ ᠠᠯᠪᠠᠨ ᠵᠢᠷᠤᠮ ᠤᠨ | ᠡᠮᠴᠢᠯᠡᠭᠡ ᠬᠠᠩᠭᠠᠨ᠎ᠠ︔ ︽ᠲᠣᠰᠬᠤᠨ ᠤ ᠦᠳᠡᠰᠢᠯᠡᠭᠡ︾ ᠵᠡᠷᠭᠡ ᠣᠨᠴᠠᠯᠢᠭᠲᠤ ᠠᠵᠢᠯᠯᠠᠭ᠎ᠠ ᠡᠷᠬᠢᠯᠡᠵᠦ᠂ ᠨᠠᠰᠤᠲᠠᠨ ᠢᠶᠠᠨ ᠠᠴᠢᠯᠠᠬᠤ ᠭᠤᠭᠴᠤᠭ᠎ᠠ ᠶᠢ | ᠲᠣᠬᠢᠷᠠᠭᠤᠯᠵᠤ᠂ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠠ ᠠᠷᠠᠳ ᠤᠨ ᠠᠮᠢᠳᠤᠷᠠᠯ ᠤᠨ ᠤᠶᠢᠯᠡᠴᠢᠯᠡᠭᠡᠨ ᠤ ᠭᠦᠨᠵᠡᠭᠡᠶ ᠠᠭᠤᠰᠤᠯᠴᠠᠬᠤ ᠶᠢ ᠠᠬᠢᠭᠤᠯᠤᠨ᠎ᠠ᠃ | ᠬᠠᠵᠠᠭᠤ ᠶᠢᠨ ᠦᠯᠢᠭᠡᠷ ᠳᠠᠭᠤᠷᠢᠶᠠᠯ ᠢᠶᠠᠷ ᠬᠡᠪ ᠳᠠᠭᠤᠷᠢᠶᠠᠯ ᠪᠤᠯᠭᠠᠵᠦ ᠡᠷᠬᠢᠮ ᠰᠤᠷᠲᠠᠯ ᠢ ᠦᠢᠯᠡᠳᠦᠯᠬᠡᠵᠢᠬᠦᠯᠦᠨᠠ᠃ ︽ᠠᠴᠢᠯᠠᠯ ᠤᠨ ᠰᠡᠳᠬᠢᠯ ᠲᠠᠢ | ᠦᠢᠯᠡᠴᠢᠯᠡᠭᠡᠨ ᠤ ᠠᠩᠬᠢ︾ ᠶᠢ ᠪᠠᠶᠢᠭᠤᠯᠵᠤ᠂ ᠪᠠᠭ᠎ᠠ ᠶᠠᠪᠤᠳᠠᠯ ᠠᠴᠠ ᠭᠠᠷᠳᠠᠵᠤ᠂ ᠲᠦᠷᠦᠯ ᠰᠠᠳᠤᠨ ᠢᠶᠠᠨ ᠠᠴᠢᠯᠠᠬᠤ ᠰᠠᠶᠢᠬᠠᠨ ᠰᠤᠷᠲᠠᠯ ᠢ ᠪᠠᠳᠠᠷᠠᠭᠤᠯᠵᠤ᠂ | ᠵᠢᠵᠢᠭ ᠰᠠᠵᠢᠭ ᠠᠵᠢᠯᠯᠠᠭ᠎ᠠ ᠪᠠᠷ ᠪᠣᠯᠪᠠᠰᠤᠨ ᠭᠡᠷ ᠤᠨ ᠰᠤᠷᠲᠠᠯ ᠢ ᠬᠥᠮᠦᠵᠢᠭᠦᠯᠪᠡ︔ ᠰᠢᠯᠭᠠᠷᠠᠭᠤᠯᠬᠤ ᠠᠵᠢᠯᠯᠠᠭ᠎ᠠ ᠲᠤᠬᠢᠷᠠᠭᠤᠯᠵᠤ᠂ ᠤᠯᠠᠨ ᠲᠦᠮᠡᠨ | ᠲᠠᠨᠢᠯᠴᠠᠭᠤᠯᠬᠤ᠂ ᠠᠷᠠᠳᠴᠢᠯᠠᠯ ᠢᠶᠠᠷ ᠦᠨᠡᠯᠡᠬᠦ ᠪᠠᠷ ᠳᠠᠮᠵᠢᠨ 22 ᠵᠢᠱᠢᠶᠡᠴᠢ ᠶᠢ ᠰᠣᠩᠭᠤᠨ ᠭᠠᠷᠭᠠᠵᠤ᠂ ᠤᠯᠠᠭᠠᠨ ᠰᠠᠮᠪᠠᠷ᠎ᠠ ᠪᠠᠷ ᠵᠠᠷᠯᠠᠨ ᠨᠡᠶᠢᠲᠡᠯᠡᠵᠦ᠂ | ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ ᠶᠢ ︽ᠰᠠᠶᠢᠨ ᠳᠤᠷ᠎ᠠ ᠶᠢᠨ ᠠᠵᠢᠯᠯᠠᠭ᠎ᠠ︾ ᠠᠴᠠ ︽ᠬᠠᠮᠲᠤ ᠶᠢᠨ ᠬᠥᠭᠡᠭᠡᠴᠡᠯᠳᠦᠯ︾ ᠪᠣᠯᠭᠠᠨ | ᠬᠤᠪᠢᠷᠠᠭᠤᠯᠪᠠ᠃ | ᠰᠤᠷᠤᠯᠭ᠎ᠠ ᠶᠢ ᠲᠡᠳᠬᠦᠬᠦ ᠪᠠᠷ ᠣᠶᠤᠨ ᠤᠬᠠᠭᠠᠨ ᠢ ᠲᠡᠳᠭᠦᠬᠦ ᠰᠢᠨ᠎ᠡ ᠴᠢᠬᠢ ᠪᠦᠵᠢᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ | ᠪᠦᠵᠢᠯᠲᠠ᠃ ᠰᠤᠷᠤᠯᠭ᠎ᠠ ᠶᠢ ᠲᠡᠳᠬᠦᠬᠦ ᠬᠡᠯᠪᠡᠷᠢ ᠶᠢᠨ ᠰᠢᠨ᠎ᠡ ᠶᠢ ᠡᠭᠦᠳᠴᠦ᠂ ᠣᠶᠢᠷ᠎ᠠ ᠶᠢᠨ ᠲᠠᠪᠤᠨ ᠵᠢᠯ ᠳᠤ ᠨᠡᠶᠢᠲᠡ 8.6 ᠲᠦᠮᠡᠨ ᠲᠥᠭᠦᠷᠢᠭ ᠤᠨ ᠪᠡᠯᠡ | ᠣᠷᠣᠭᠤᠯᠵᠤ᠂ 42 ᠬᠥᠮᠦᠨ ᠤᠳᠠᠭ᠎ᠠ ᠶᠢᠨ ᠤᠶᠤᠲᠠᠳ ᠢ ᠲᠤᠰᠠᠯᠠᠪᠠ︔ ︽ᠭᠡᠷ ᠪᠦᠯᠢ ᠡᠶ᠎ᠡ ᠨᠠᠶᠢᠷᠲᠠᠶ︾᠂ ︽ᠬᠥᠷᠰᠢ ᠵᠡᠷᠭᠡᠯᠡᠳᠡᠭᠡ ᠶᠢᠨ ᠬᠢᠨ ᠬᠠᠷᠢᠯᠴᠠᠨ | ᠬᠠᠪᠰᠤᠷᠤᠯᠴᠠᠬᠤ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠬᠡᠦᠬᠡᠳ ᠢ ᠵᠣᠬᠢᠶᠠᠨ ᠪᠠᠶᠢᠭᠤᠯᠤᠨ ᠰᠠᠶᠢᠨ ᠰᠠᠶᠢᠬᠠᠨ ᠶᠣᠰᠣ ᠰᠤᠷᠲᠠᠬᠤᠨ ᠤ ᠦᠯᠢᠭᠡᠷ ᠢ | ᠤᠬᠠᠭᠤᠯᠤᠨ ᠲᠠᠶᠢᠯᠪᠤᠷᠢᠯᠠᠬᠤ ᠳᠤ ᠣᠷᠣᠯᠴᠠᠭᠤᠯᠵᠤ᠂ ᠤᠯᠠᠮᠵᠢᠯᠠᠯᠲᠤ ᠰᠣᠶᠣᠯ ᠢ ᠠᠮᠢᠵᠢᠷᠠᠯ ᠤᠨ ᠬᠦᠴᠦᠨ ᠲᠠᠢ ᠪᠣᠯᠭᠠᠪᠠ᠃ | ᠳᠠᠷᠠᠭᠠᠴᠢ ᠶᠢᠨ ᠠᠯᠬᠤᠮ ᠳᠤ᠂ ᠵᠢᠷᠭᠠᠯ ᠤᠨ ᠵᠠᠮ ᠰᠤᠮᠤᠨ ᠤ ᠴᠠᠭᠠᠬᠤᠰᠤ ᠭᠠᠴᠠᠭ᠎ᠠ ᠨᠢ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ | ᠡᠵᠡᠮᠳᠡᠵᠦ᠂ ᠲᠤᠰ ᠭᠠᠵᠠᠷ ᠣᠷᠣᠨ ᠤ ᠪᠠᠨ ᠡᠬᠢ ᠪᠠᠶᠠᠯᠢᠭ ᠢ ᠴᠢᠳᠠᠮᠠᠭᠠᠢ ᠬᠡᠷᠡᠭᠯᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠪᠦᠬᠦ | ᠠᠷᠠᠳ ᠢᠶᠠᠷ ᠢᠶᠠᠨ ᠣᠷᠣᠯᠴᠠᠬᠤ ᠪᠠᠶᠢᠷᠢᠰᠢᠯ ᠢ ᠪᠦᠷᠢᠯᠳᠦᠭᠦᠯᠵᠦ᠂ ᠤᠯᠠᠨ ᠲᠦᠮᠡᠨ ᠤ ᠵᠠᠩ ᠳᠠᠳᠬᠠᠯ ᠢ ᠥᠭᠡᠷᠡᠴᠢᠯᠡᠬᠦ ᠳᠤ ᠦᠵᠡᠭᠦᠯᠬᠦ ᠳᠡᠮᠵᠢᠯᠭᠡ ᠶᠢᠨ ᠨᠤᠷᠮ᠎ᠠ ᠶᠢ | ᠳᠡᠭᠡᠭᠰᠢᠯᠡᠭᠦᠯᠵᠦ᠂ ᠪᠣᠯᠪᠠᠰᠤᠨ ᠰᠢᠨ᠎ᠡ ᠰᠤᠷᠲᠠᠯ ᠢ ᠬᠥᠳᠡᠭᠡ ᠲᠣᠰᠬᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠨ᠎ᠡ᠃ |