ᠰᠤᠪᠤᠷᠭ᠎ᠠ ᠪᠠᠯᠭᠠᠰᠤ ᠣᠢ ᠰᠢᠭᠤᠶ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠪᠠ
ᠨᠡᠶᠢᠲᠡᠯᠡᠭᠰᠡᠨ ᠴᠠᠭ᠄
2025/5/8
      ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠰᠤᠪᠤᠷᠭ᠎ᠠ ᠪᠠᠯᠭᠠᠰᠤ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠳᠲᠡᠷ ᠲᠦᠷᠭᠡᠨ ᠬᠥᠳᠡᠯᠦᠯᠴᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠰᠤᠪᠤᠷᠭ᠎ᠠ ᠪᠠᠯᠭᠠᠰᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠪᠠ᠃       ᠣᠶ ᠰᠢᠭᠤᠶ ᠨᠤᠲᠤᠭ ᠪᠡᠯᠴᠢᠭᠡᠷ ᠢ ᠡᠪᠳᠡᠵᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠪᠠᠯᠭᠠᠰᠤ ᠲᠣᠰᠬᠤᠨ ᠬᠤᠶᠠᠷ ᠱᠠᠲᠤᠨ ᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃       ᠬᠥᠳᠡᠭᠡ ᠪᠠᠭᠤᠬᠤ ᠠᠵᠢᠯᠯᠠᠬᠤ ᠠᠩᠭᠢ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠪᠠ ᠣᠶ ᠰᠢᠭᠤᠶ ᠬᠠᠮᠠᠭᠠᠯᠠᠭᠴᠢ ᠶᠢ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠵᠢᠷᠤᠭ ᠲᠣᠯᠪᠤ ᠪᠠ ᠥᠪᠡᠰᠦᠪᠡᠨ ᠪᠠᠶᠢᠴᠠᠭᠠᠵᠤ ᠥᠪᠡᠰᠦᠪᠡᠨ  ᠵᠠᠯᠠᠷᠠᠭᠤᠯᠬᠤ ᠳᠤ ᠢᠯᠡᠷᠡᠭᠦᠯᠦᠭᠰᠡᠨ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠠᠰᠠᠭᠤᠳᠠᠯ ᠤᠨ ᠨᠠᠷᠢᠨ ᠲᠠᠩᠰᠠ ᠪᠠᠶᠢᠭᠤᠯᠤᠨ᠂ ᠨᠢᠭᠡᠳ ᠨᠢᠭᠡ ᠪᠠᠷ ᠳ᠋ᠤᠭᠠᠷ ᠢ ᠨᠢ ᠬᠠᠰᠤᠵᠤ᠂ ᠰᠢᠨ᠎ᠡ ᠪᠠᠷ ᠨᠡᠮᠡᠭᠳᠡᠬᠦ ᠶᠢ ᠬᠤᠷᠢᠭᠯᠠᠨ᠎ᠠ᠃       ᠲᠤᠰᠬᠠᠶ ᠴᠡᠭᠴᠡᠯᠡᠨ ᠵᠠᠰᠠᠬᠤ ᠠᠵᠢᠯ ᠤᠨ ᠪᠤᠴᠠᠵᠦ ᠢᠯᠡᠷᠡᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠮᠠᠯᠴᠢᠨ ᠲᠠᠷᠢᠶᠠᠴᠢᠨ ᠳᠤ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠪᠠᠶᠢᠩᠭᠤ ᠲᠣᠬᠢᠶᠠᠯᠳᠤᠳᠠᠭ ᠬᠠᠤᠯᠢ ᠴᠠᠭᠠᠵᠠ ᠶᠢᠨ ᠮᠡᠳᠡᠯᠭᠡ ᠶᠢ 3267 ᠬᠤᠪᠢ ᠲᠠᠷᠬᠠᠭᠠᠵᠤ᠂ ᠣᠶ ᠰᠢᠭᠤᠶ ᠨᠤᠲᠤᠭ ᠪᠡᠯᠴᠢᠭᠡᠷ ᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠦᠲᠦᠮᠵᠢᠲᠡᠶ ᠪᠣᠶ ᠪᠣᠯᠭᠠᠪᠠ᠃       ᠡᠯ᠎ᠡ ᠭᠠᠴᠠᠭ᠎ᠠ ᠲᠣᠰᠬᠤᠨ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠤᠨ᠂ ᠣᠶ ᠰᠢᠭᠤᠶ ᠬᠠᠮᠠᠭᠠᠯᠠᠭᠴᠢ᠂ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠡᠪᠳᠡᠭᠰᠡᠨ ᠭᠠᠵᠠᠷ ᠢ ᠰᠡᠷᠭᠦᠭᠡᠵᠦ᠂ ᠨᠥᠬᠦᠵᠦ ᠳᠠᠷᠢᠬᠤ ᠠᠵᠢᠯ ᠢ ᠥᠷᠨᠢᠭᠦᠯᠦᠭᠰᠡᠨ ᠥᠬᠡᠶ ᠭᠠᠵᠠᠷ ᠢ ᠲᠤᠬᠠᠶ ᠶᠢᠨ ᠬᠥᠮᠦᠨ ᠨᠢ ᠮᠣᠳᠣ ᠣᠭᠲᠣᠯᠬᠤ ᠰᠢᠨᠡᠳᠭᠡᠨ ᠣᠶᠢᠵᠢᠭᠤᠯᠬᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠲᠤ ᠭᠠᠷ ᠤᠨ ᠥᠰᠥᠭ ᠵᠢᠷᠤᠬᠤ ᠶᠢᠨ ᠬᠠᠮᠲᠤ᠂ ᠠᠵᠢᠯᠲᠠᠨ ᠢ ᠳᠣᠭᠢᠷᠠᠭᠤᠯᠤᠨ ᠬᠠᠤᠯᠢ ᠶᠢ ᠵᠥᠷᠢᠴᠡᠭᠰᠡᠨ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠨᠢ ᠪᠣᠳᠠᠲᠤ ᠦᠷ᠎ᠡ ᠪᠦᠲᠦᠮᠵᠢ ᠲᠠᠢ ᠪᠠᠶᠢᠬᠤ ᠶᠢ ᠦᠨᠡᠨᠬᠦ ᠪᠠᠲᠤᠯᠠᠪᠠ᠃       ᠳᠠᠷᠠᠭᠠᠴᠢ ᠶᠢᠨ ᠠᠯᠬᠤᠮ ᠳᠤ᠂ ᠰᠤᠪᠤᠷᠭ᠎ᠠ ᠪᠠᠯᠭᠠᠰᠤ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠬᠠᠰᠤᠬᠤ ᠠᠵᠢᠯ ᠢ ᠴᠢᠩᠭ᠎ᠠ ᠠᠩᠬᠠᠷᠴᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠲᠤᠰᠬᠠᠢ ᠴᠡᠭᠴᠡᠯᠡᠨ ᠵᠠᠰᠠᠬᠤ ᠠᠵᠢᠯ ᠤᠨ ᠠᠮᠵᠢᠯᠳᠠ ᠤᠯᠵᠦ᠂ ᠦᠷ᠎ᠡ ᠪᠦᠲᠦᠮᠵᠢ ᠭᠠᠷᠭᠠᠬᠤ ᠶᠢ ᠪᠠᠲᠤᠯᠠᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ