| | | | ᠣᠶᠢᠷ᠎ᠠ ᠶᠢᠨ ᠵᠢᠯ ᠳᠤ᠂ ᠪᠠᠶᠠᠨᠲᠠᠯ᠎ᠠ ᠰᠤᠮᠤ ︽ᠣᠯᠠᠨ ᠲᠦᠮᠡᠨ ᠢ ᠨᠢᠭᠲᠠᠷᠠᠭᠤᠯᠬᠤ᠂ ᠣᠯᠠᠨ ᠲᠦᠮᠡᠨ ᠢ ᠬᠥᠲᠥᠯᠦᠨ ᠵᠢᠯᠣᠭᠤᠳᠬᠤ᠂ ᠰᠣᠶᠣᠯᠲᠤ ᠬᠥᠮᠦᠨ᠂ | ᠬᠡᠪ ᠵᠠᠩᠰᠢᠯ ᠢ ᠪᠣᠶ ᠪᠣᠯᠭᠠᠬᠤ︾ ᠬᠠᠷᠠᠯᠲᠠ ᠶᠢᠨ ᠲᠣᠭᠤᠷᠢᠨ ᠳᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠦᠢᠯᠡᠴᠢᠯᠡᠭᠡᠨ ᠤ | ᠬᠡᠯᠪᠡᠷᠢ ᠶᠢᠨ ᠰᠢᠨ᠎ᠡ ᠶᠢ ᠡᠭᠦᠳᠴᠦ᠂ ᠦᠢᠯᠡᠳᠦᠯᠭᠡ ᠶᠢᠨ ᠦᠢᠯᠡᠴᠢᠯᠡᠭᠡᠨ ᠤ ᠬᠦᠷᠢᠶ᠎ᠡ ᠶᠢ ᠢᠳᠡᠪᠬᠢᠲᠡᠶ ᠥᠷᠭᠡᠳᠬᠡᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠭᠠᠵᠠᠷ ︵ᠥᠷᠲᠡᠭᠡ︶ ᠢ ᠣᠯᠠᠨ ᠲᠦᠮᠡᠨ ᠤ ᠬᠡᠷ ᠤᠨ ᠡᠭᠦᠳᠡᠨ ᠳᠠᠬᠢ ︽ᠵᠣᠯ ᠵᠢᠷᠭᠠᠯ ᠤᠨ ᠥᠷᠲᠡᠭᠡ︾ ᠪᠣᠯᠭᠠᠪᠠ᠃ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠢᠶᠠᠷ ᠲᠦᠰᠢᠭ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠶᠢ ᠵᠣᠬᠢᠶᠠᠨ ᠪᠠᠶᠢᠭᠤᠯᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ︽ᠶᠡᠭᠡ ᠲᠥᠷᠥ ᠶᠢᠨ ᠪᠣᠳᠣᠯᠭ᠎ᠠ︾ ᠶᠢ ︽ᠵᠢᠵᠢᠭ ᠥᠯᠢᠭᠡᠷ︾ | ᠪᠣᠯᠭᠠᠨ ᠬᠤᠪᠢᠷᠠᠭᠤᠯᠵᠤ᠂ ︽ᠶᠡᠭᠡ ᠶᠣᠰᠣ︾ ᠶᠢ ︽ᠵᠢᠵᠢᠭ ᠤᠳᠬ᠎ᠠ ᠤᠷᠠᠯᠢᠭ︾ ᠪᠣᠯᠭᠠᠨ ᠬᠤᠪᠢᠷᠠᠭᠤᠯᠵᠤ᠂ ᠲᠥᠬᠦᠮ ᠦᠭᠡ ᠬᠡᠯᠡ ᠪᠠᠷ ᠨᠠᠮ ᠤᠨ ︽ᠰᠠᠶᠢᠨ | ᠳᠠᠭᠤᠨ︾ ︽ᠰᠠᠶᠢᠨ ᠲᠥᠷᠥ ᠶᠢᠨ ᠪᠣᠳᠣᠯᠭ᠎ᠠ︾ ᠶᠢ ᠲᠠᠶᠢᠯᠪᠤᠷᠢᠯᠠᠵᠤ᠂ ᠠᠷᠠᠳ ᠣᠯᠠᠨ ᠤ ᠬᠠᠷᠠᠴᠠ ᠪᠠᠷ ᠣᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ | ᠠᠮᠢᠳᠤᠷᠠᠯ ᠤᠨ ᠠᠰᠠᠭᠤᠳᠠᠯ ᠳᠤ ᠬᠠᠷᠢᠭᠤᠯᠲᠠ ᠥᠭᠴᠦ᠂ ᠤᠬᠠᠭᠤᠯᠤᠨ ᠲᠠᠶᠢᠯᠪᠤᠷᠢᠯᠠᠬᠤ ᠶᠢ ᠣᠯᠠᠨ ᠲᠦᠮᠡᠨ ᠲᠠᠢ ᠣᠶᠢᠷᠠᠲᠤᠭᠤᠯᠵᠤ᠂ ᠣᠨᠣᠯ ᠢ ᠬᠠᠯᠠᠭᠤᠨ | ᠰᠡᠳᠬᠢᠯᠭᠡ ᠲᠠᠢ ᠪᠣᠯᠭᠠᠵᠤ᠂ ᠥᠷᠭᠡᠨ ᠣᠯᠠᠨ ᠲᠦᠮᠡᠨ ᠳᠤ ᠣᠶᠢᠯᠠᠭᠠᠭᠤᠯᠵᠤ᠂ ᠡᠵᠡᠮᠰᠢᠬᠦᠯᠵᠦ᠂ ᠪᠠᠲᠤ ᠴᠡᠭᠡᠵᠢᠯᠡᠬᠦᠯᠦᠨᠡ᠃ | ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠤᠨ ᠠᠶᠢᠯ ᠲᠣᠰᠬᠤᠨ ᠤ ᠶᠡᠭᠡ ᠵᠡᠭᠡᠯᠢ ᠵᠢᠵᠢᠭ ᠭᠤᠳᠤᠮᠵᠢ᠂ ᠭᠤᠤᠯ ᠤᠨ ᠭᠤᠯᠳᠤᠷᠢᠯ᠂ | ᠲᠠᠷᠢᠶᠠᠨ ᠭᠠᠵᠠᠷ ᠲᠤ ᠭᠦᠨᠵᠡᠭᠡᠶᠢᠷᠡᠨ᠂ ᠡᠯ᠎ᠡ ᠲᠥᠷᠥᠯ ᠤᠨ ᠬᠤᠭ ᠨᠣᠪᠰᠢ᠂ ᠡᠯᠳᠡᠪ ᠪᠣᠳᠠᠰ ᠢ ᠪᠥᠬᠦ ᠲᠠᠯ᠎ᠠ ᠪᠠᠷ ᠴᠡᠪᠡᠷᠯᠡᠵᠦ᠂ ᠠᠶᠢᠯ ᠲᠣᠰᠬᠤᠨ ᠤ ᠣᠷᠴᠢᠨ | ᠲᠣᠭᠤᠷᠢᠨ ᠢ ᠰᠠᠶᠢᠵᠢᠷᠠᠭᠤᠯᠬᠤ ᠳᠤ ᠬᠦᠴᠦᠨ ᠴᠢᠳᠠᠯ ᠢᠶᠠᠨ ᠡᠷᠭᠦᠪᠡ᠃ ᠡᠭᠦᠨ ᠤ ᠬᠠᠮᠲᠤ᠂ ᠥᠷᠭᠡᠨ ᠣᠯᠠᠨ ᠲᠦᠮᠡᠨ ᠳᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠶᠢᠨ ᠴᠢᠬᠤᠯᠠ ᠴᠢᠨᠠᠷ ᠢ ᠤᠬᠠᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ︽ᠡᠵᠡᠨ ᠬᠥᠮᠦᠨ︾ ᠤ ᠤᠬᠠᠮᠰᠠᠷ ᠢ ᠪᠣᠶ ᠪᠣᠯᠭᠠᠵᠤ᠂ | ᠣᠯᠠᠨ ᠲᠦᠮᠡᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠦᠵᠡᠯ ᠰᠠᠨᠠᠭᠠᠨ ᠤ ᠤᠬᠠᠮᠰᠠᠷ ᠪᠠ ᠦᠢᠯᠡ | ᠠᠵᠢᠯᠯᠠᠭᠠᠨ ᠤ ᠤᠬᠠᠮᠰᠠᠷ ᠢ ᠬᠥᠭᠵᠢᠭᠡᠨ᠂ ᠬᠥᠳᠡᠭᠡ ᠲᠣᠰᠬᠤᠨ ᠤ ᠳᠦᠷᠢ ᠲᠦᠷᠬᠦ ᠶᠢ ᠰᠠᠶᠢᠵᠢᠷᠠᠭᠤᠯᠬᠤ᠂ ︽ᠴᠢᠨᠠᠷ ᠴᠢᠨᠰᠠᠭ᠎ᠠ︾ ᠶᠢ ᠳᠡᠭᠡᠭᠰᠢᠯᠡᠭᠦᠯᠬᠦ ᠶᠢ | ᠠᠬᠢᠭᠤᠯᠪᠠ᠃ | ᠣᠯᠠᠨ ᠲᠦᠮᠡᠨ ᠤ ᠠᠵᠤ ᠦᠢᠯᠡᠰ ᠤᠨ ᠬᠥᠭᠵᠢᠯᠲᠡ ᠶᠢᠨ ᠦᠨᠡᠨ ᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠶ | ᠮᠡᠷᠭᠡᠵᠢᠯ ᠤᠨ ᠠᠵᠢᠯᠲᠠᠨ ᠲᠠᠷᠢᠶᠠᠨ ᠭᠠᠵᠠᠷ᠂ ᠮᠠᠯᠵᠢᠬᠤ ᠲᠠᠷᠢᠶᠠᠯᠠᠬᠤ ᠡᠷᠦᠬᠡ ᠳᠤ ᠭᠦᠨᠵᠡᠭᠡᠶᠢᠷᠡᠨ ᠬᠢᠲᠠᠳ ᠡᠮ ᠤᠨ ᠮᠠᠲ᠋ᠧᠷᠢᠶᠠᠯ ᠳᠠᠷᠢᠬᠤ᠂ ᠣᠷᠭᠠᠨᠢᠭ ᠨᠠᠷᠢᠮᠤ | ᠳᠠᠷᠢᠬᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠵᠡᠷᠭᠡ ᠳᠤ ᠵᠢᠯᠣᠭᠤᠳᠣᠯᠭ᠎ᠠ ᠬᠢᠵᠦ᠂ ᠮᠠᠯᠵᠢᠬᠤ ᠲᠠᠷᠢᠶᠠᠯᠠᠬᠤ ᠡᠷᠦᠬᠡ ᠶᠢ ᠬᠠᠪᠰᠤᠷᠤᠨ ᠳᠠᠷᠢᠬᠤ᠂ ᠲᠡᠵᠢᠭᠡᠨ | ᠦᠷᠡᠵᠢᠭᠦᠯᠬᠦ ᠶᠠᠪᠤᠴᠠ ᠳᠤ ᠲᠤᠯᠭᠠᠷᠠᠭᠰᠠᠨ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ ᠭᠡᠵᠦ ᠤᠷᠢᠶᠠᠯᠠᠪᠠ᠃ ᠲᠠᠷᠢᠶᠠᠯᠠᠭ᠎ᠠ ᠶᠢᠨ | ᠶᠠᠭᠠᠷᠠᠤ ᠴᠠᠭ ᠦᠶ᠎ᠡ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠡᠯ᠎ᠡ ᠭᠠᠴᠠᠭᠠᠨ ᠤ ᠠᠵᠤ ᠦᠢᠯᠡᠰ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠬᠥᠳᠡᠭᠡ | ᠲᠣᠰᠬᠤᠨ ᠤ ᠦᠢᠯᠡᠳᠪᠦᠷᠢᠯᠡᠯ ᠳᠤ ᠲᠤᠰᠠᠯᠠᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠪᠡ᠃ | ︽ᠨᠠᠰᠤᠲᠠᠨ᠂ ᠨᠢᠯᠬᠠᠰ᠂ ᠵᠡᠮᠳᠡᠭᠴᠦᠳ᠂ ᠬᠦᠴᠢᠷᠳᠡᠯᠲᠡᠶ᠂ ᠪᠠᠭᠤᠷᠠᠶ︾ ᠵᠡᠷᠭᠡ ᠣᠨᠴᠠᠭᠠᠶ ᠬᠦᠴᠢᠷᠳᠡᠯᠲᠡᠶ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠠᠷᠠᠳ ᠲᠤ ᠲᠥᠬᠦᠮ ᠦᠵᠡᠭᠦᠯᠵᠦ ᠣᠷᠣᠯᠠᠨ ᠭᠦᠢᠴᠡᠳᠬᠡᠬᠦ᠂ ᠡᠷᠡᠭᠦᠯ ᠮᠡᠨᠳᠦ ᠶᠢ ᠬᠢᠨᠠᠨ ᠬᠡᠮᠵᠢᠬᠦ᠂ | ᠠᠮᠢᠳᠤᠷᠠᠯ ᠤᠨ ᠴᠡᠪᠡᠷᠯᠡᠭᠡ ᠬᠢᠬᠦ᠂ ᠬᠡᠷ ᠲᠤᠨᠢ ᠬᠦᠷᠴᠦ ᠬᠠᠯᠠᠮᠵᠢᠯᠠᠬᠤ᠂ ᠠᠯᠪᠠᠨ ᠵᠢᠷᠤᠮ ᠤᠨ ᠡᠮᠴᠢᠯᠡᠭᠡ ᠬᠢᠬᠦ᠂ ᠠᠯᠪᠠᠨ ᠵᠢᠷᠤᠮ ᠤᠨ ᠵᠠᠰᠠᠯᠲᠠ ᠬᠢᠬᠦ ᠵᠡᠷᠭᠡ | ᠳᠣᠲᠣᠨᠣ ᠦᠢᠯᠡᠴᠢᠯᠡᠭᠡ ᠬᠠᠩᠭᠠᠵᠤ᠂ ᠣᠯᠠᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ ᠶᠢ ᠨᠠᠩ ᠰᠠᠶᠢᠨ ᠮᠡᠳᠡᠷᠡᠭᠦᠯᠵᠦ᠂ ᠢᠲᠡᠭᠡᠯ ᠵᠣᠷᠢᠭ ᠢ ᠨᠠᠩ ᠬᠦᠪᠴᠢᠯᠡᠨ᠂ | ᠠᠷᠠᠳ ᠤᠨ ᠰᠡᠳᠬᠢᠯ ᠢ ᠨᠢᠭᠲᠠᠷᠠᠭᠤᠯᠵᠤ᠂ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠰᠡᠳᠬᠢᠯ ᠢᠶᠠᠨ ᠨᠢᠭᠡᠳᠬᠡᠵᠦ᠂ ᠣᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ |