ᠳᠠᠷᠬᠠᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ︽ᠬᠤᠷᠰᠢᠭᠴᠢ︾ ᠬᠤᠭᠤᠯᠠᠨ ᠬᠡᠷ ᠳᠠᠭᠠᠭᠤᠯᠤᠨ ᠡᠷᠬᠢᠯᠡᠵᠦ ᠣᠯᠠᠨ ᠡᠰᠢᠲᠦ ᠬᠤᠭᠤᠯᠠ ᠳᠤ ᠲᠤᠰᠠᠯᠠᠬᠤ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠪᠡ
ᠨᠡᠶᠢᠲᠡᠯᠡᠭᠰᠡᠨ ᠴᠠᠭ᠄
2025/6/10
       ᠠᠷᠠᠳ ᠲᠦᠮᠡᠨ ᠳᠤ ᠦᠢᠯᠡᠴᠢᠯᠡᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠪᠠᠭᠠᠷᠢᠨ ᠪᠠᠷᠠᠭᠤᠨ ᠬᠤᠰᠢᠭᠤᠨ ᠤ ᠳᠠᠷᠬᠠᠨ ᠵᠡᠭᠡᠯᠢ ᠭᠤᠳᠤᠮᠵᠢ ᠶᠢᠨ ᠬᠢᠨ ︽ᠨᠡᠶᠢᠭᠡᠮ ᠲᠣᠭᠤᠷᠢᠭ ᠤᠨ ᠬᠤᠷᠰᠢᠭᠴᠢ︾᠎ ᠶᠢᠨ ᠡᠬᠢ ᠪᠠᠶᠠᠯᠢᠭ ᠢ ᠢᠳᠡᠪᠬᠢᠲᠡᠶ ᠠᠭᠤᠳᠠᠯᠵᠤ᠂ ᠠᠷᠠᠳ ᠲᠦᠮᠡᠨ ᠳᠤ ᠦᠢᠯᠡᠴᠢᠯᠡᠬᠦ ᠲᠥᠷᠥᠯ ᠵᠦᠢᠯ ᠤᠨ ᠰᠢᠨ᠎ᠡ ᠶᠢ ᠡᠭᠦᠳᠦᠨ ᠪᠠᠶᠢᠭᠤᠯᠵᠤ᠂ ︽ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ︾᠎ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠰᠠᠭᠤᠭᠠᠯᠢ ᠠᠷᠠᠳ ᠲᠤ ᠨᠢᠭᠡ ᠥᠷᠲᠡᠭᠡ ᠮᠠᠶ᠋ᠢᠭ ᠤᠨ ᠲᠥᠬᠦᠮ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠠᠮᠢᠳᠤᠷᠠᠯ ᠢ ᠨᠠᠩ ᠳᠥᠭᠦᠮ ᠳᠥᠲᠡ᠂ ᠲᠠᠭᠠᠯᠠᠮᠵᠢᠲᠠᠶ ᠪᠣᠯᠭᠠᠪᠠ᠃      ︽ᠨᠠᠮ ᠤᠨ ᠵᠣᠬᠢᠶᠠᠨ ᠪᠠᠶᠢᠭᠤᠯᠤᠯᠲᠠ ᠠᠴᠠ ᠲᠠᠪᠴᠠᠩ ᠪᠠᠶᠢᠭᠤᠯᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠳᠠᠭᠠᠭᠤᠯᠤᠨ ᠬᠦᠢᠴᠡᠳᠬᠡᠬᠦ᠂ ᠣᠯᠠᠨ ᠲᠠᠯ᠎ᠠ ᠪᠠᠷ ᠬᠠᠮᠲᠤᠷᠠᠨ ᠬᠥᠳᠡᠯᠦᠯᠴᠡᠬᠦ︾ ᠦᠢᠯᠡᠴᠢᠯᠡᠭᠡᠨ ᠤ ᠵᠠᠭᠪᠤᠷ ᠢ ᠬᠡᠷᠡᠭᠯᠡᠨ᠂ ︽ᠬᠠᠶᠢᠷ᠎ᠠ ᠬᠠᠯᠠᠮᠵᠢ ᠶᠢᠨ ᠰᠢᠩᠭᠡᠨ ᠪᠤᠳᠠᠭ᠎ᠠ ᠶᠢᠨ ᠥᠷᠥᠭᠡ︾᠎ ᠶᠢᠨ ᠦᠢᠯᠡᠴᠢᠯᠡᠭᠡᠨ ᠤ ᠲᠥᠷᠥᠯ  ᠵᠦᠢᠯ ᠢ ᠭᠦᠨᠵᠡᠭᠡᠶ ᠤᠷᠳᠤᠳᠬᠠᠵᠤ᠂ ︽ᠨᠡᠶᠢᠭᠡᠮ ᠲᠣᠭᠤᠷᠢᠭ ᠤᠨ ᠬᠤᠷᠰᠢᠭᠴᠢ︾᠎ ᠶᠢ ᠢᠳᠡᠪᠬᠢᠲᠡᠶ ᠪᠠᠷ ᠳᠠᠶᠢᠴᠢᠯᠠᠨ ︽ᠨᠡᠶᠢᠭᠡᠮ ᠲᠣᠭᠤᠷᠢᠭ ᠤᠨ ᠬᠤᠭᠤᠯᠠᠨ ᠭᠡᠷ︾᠎ ᠢ ᠳᠠᠭᠠᠭᠤᠯᠤᠨ ᠡᠷᠬᠢᠯᠡᠵᠦ᠂ ︽ᠨᠡᠶᠢᠳᠡᠮ ᠠᠰᠢᠭ ᠬᠦᠷᠲᠡᠭᠡᠬᠦ + ᠨᠠᠷᠢᠯᠢᠭ ᠣᠨᠣᠪᠴᠢᠲᠠᠶ︾ ᠦᠢᠯᠡᠴᠢᠯᠡᠭᠡᠨ ᠤ ᠵᠢᠭᠰᠠᠭᠠᠯ ᠢ ᠬᠠᠮᠳᠤᠷᠠᠨ ᠪᠠᠶᠢᠭᠤᠯᠵᠤ᠂ ︽ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠲᠤᠭᠤᠷᠢᠭ︾᠎ ᠤᠨ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠰᠢᠤᠸᠠᠢ ᠵᠦᠩ ᠴᠢᠩ ᠬᠠᠶᠢᠷ᠎ᠠ ᠬᠠᠯᠠᠮᠵᠢ ᠶᠢᠨ ᠨᠡᠶᠢᠭᠡᠮᠯᠢᠭ 2017 ᠣᠨ ᠳᠤ ᠪᠠᠭᠠᠷᠢᠨ ᠪᠠᠷᠠᠭᠤᠨ ᠬᠤᠰᠢᠭᠤᠨ ᠤ ᠳᠠᠷᠬᠠᠨ ᠵᠡᠭᠡᠯᠢ ᠭᠤᠳᠤᠮᠵᠢ ᠶᠢᠨ ᠪᠠᠶ ᠯᠢᠩ ᠨᠡᠶᠢᠭᠡᠮ ᠲᠣᠭᠤᠷᠢᠭ ᠲᠤ ᠰᠠᠭᠤᠷᠢᠰᠢᠵᠤ᠂ ᠨᠡᠶᠢᠭᠡᠮ ᠲᠣᠭᠤᠷᠢᠭ ᠲᠠᠢ ᠬᠤᠯᠪᠤᠭᠠᠯᠠᠨ ︽ᠰᠢᠤᠸᠠᠢ ᠵᠦᠩ ᠴᠢᠩ ᠰᠢᠩᠭᠡᠨ ᠪᠤᠳᠠᠭ᠎ᠠ ᠶᠢᠨ ᠥᠷᠥᠭᠡ︾᠎ ᠶᠢᠨ ᠦᠢᠯᠡᠴᠢᠯᠡᠬᠡᠨ ᠤ ᠲᠥᠷᠥᠯ ᠵᠦᠢᠯ ᠢ ᠡᠵᠡᠩᠨᠡᠵᠦ 8 ᠵᠢᠯ ᠪᠣᠯᠪᠠ᠃ 2025 ᠣᠨ ᠤ 5 ᠰᠠᠷ᠎ᠠ ᠳᠤ᠂ ᠲᠣᠰ ᠨᠡᠶᠢᠭᠡᠮᠯᠢᠭ ᠪᠠᠰᠠ ᠨᠡᠶᠢᠭᠡᠮ ᠲᠣᠭᠤᠷᠢᠭ ᠤᠨ ᠬᠤᠭᠤᠯᠠᠨ ᠬᠡᠷ ᠪᠠᠶᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠣᠶᠢᠷ᠎ᠠ ᠬᠠᠪᠢ ᠳᠤᠨᠢ  ᠬᠦᠢᠴᠡᠳᠬᠡᠬᠦ ᠶᠢ ᠤᠯᠠᠮ ᠨᠢᠭᠡ ᠠᠯᠬᠤᠮ ᠪᠡᠶᠡᠯᠡᠭᠦᠯᠵᠦ᠂ ᠰᠠᠭᠤᠭᠠᠯᠢ ᠠᠷᠠᠳ ᠲᠤ ᠬᠡᠷ ᠤᠨ ᠡᠭᠦᠳᠡᠨ ᠳᠤᠨᠢ ᠳᠣᠲᠣᠨᠣ  ᠦᠢᠯᠡᠴᠢᠯᠡᠭᠡ ᠬᠦᠷᠲᠡᠭᠡᠪᠡ᠃      ︽ᠨᠠᠰᠤᠲᠠᠨ ᠨᠢᠯᠬ᠎ᠠ ᠵᠠᠯᠠᠭᠤᠴᠤᠳ︾᠎ ᠤᠨ ᠬᠤᠭᠤᠯᠠ ᠢᠳᠡᠬᠦ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ︾ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠦᠨ ᠬᠡᠷᠡᠭᠯᠡᠵᠦ᠂ ︽ᠠᠮᠤᠷ ᠲᠦᠪᠰᠢᠨ᠂ ᠰᠢᠮ᠎ᠡ ᠲᠡᠵᠢᠭᠡᠯ ᠲᠠᠢ᠂ ᠠᠰᠢᠭ ᠬᠦᠷᠲᠡᠭᠡᠬᠦ︾᠎ ᠪᠠᠷ ᠦᠢᠯᠡᠴᠢᠯᠡᠭᠡᠨ ᠤ ᠠᠮᠠᠯᠠᠯᠲᠠ ᠪᠣᠯᠭᠠᠵᠤ᠂ ᠡᠷᠲᠡ᠂ ᠦᠳᠠ᠂ ᠤᠷᠤᠢ ᠶᠢ ᠬᠠᠮᠤᠷᠤᠭᠰᠠᠨ ᠬᠤᠭᠤᠯᠠᠯᠠᠬᠤ ᠦᠢᠯᠡᠴᠢᠯᠡᠭᠡᠨ ᠤ  ᠰᠢᠰᠲ᠋ᠧᠮ ᠢ ᠪᠠᠶᠢᠭᠤᠯᠵᠤ᠂ ᠳᠠᠪᠤᠰᠤ ᠪᠠᠭ᠎ᠠ᠂ ᠰᠢᠬᠢᠷ ᠪᠠᠭ᠎ᠠ᠂ ᠤᠭᠤᠷᠠᠭ ᠥᠨᠳᠥᠷ ᠰᠢᠮ᠎ᠡ ᠲᠡᠵᠢᠭᠡᠯ ᠤᠨ ᠲᠤᠬᠢᠷᠠᠭᠤᠯᠤᠯᠳᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢᠨ ︽ᠦᠨᠳᠦᠰᠦᠨ ᠵᠦᠢᠯ ᠢ ᠪᠠᠲᠤᠯᠠᠬᠤ︾᠎ ᠠᠴᠠ ︽ᠴᠢᠨᠠᠷ ᠰᠠᠶᠢᠲᠠᠢ︾ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠬᠤᠭᠤᠯᠠᠯᠠᠬᠤ ᠦᠢᠯᠡᠴᠢᠯᠡᠭᠡ ᠳᠤ ᠦᠷᠭᠦᠯᠵᠢᠯᠡᠬᠦ ᠠᠮᠢᠵᠢᠷᠠᠯ ᠤᠨ ᠬᠦᠴᠦᠨ ᠨᠡᠮᠡᠷᠢᠯᠡᠪᠡ᠃ ᠡᠭᠦᠨ ᠤ ᠬᠠᠮᠲᠤ᠂ ︽ᠵᠠᠬ᠎ᠠ ᠳᠡᠯᠭᠡᠭᠦᠷ ᠤᠨ ᠦᠨ᠎ᠡ ᠶᠢ ᠳᠣᠯᠤᠭ᠎ᠠ ᠨᠤᠭᠤᠯᠬᠤ ᠰᠠᠭᠤᠷᠢ ᠪᠠᠷᠢᠮᠵᠢᠶ᠎ᠠ + ᠨᠠᠰᠤ ᠵᠢᠯ ᠤᠨ ᠱᠠᠲᠤᠯᠢᠭ ᠢᠶᠠᠷ ᠬᠠᠰᠤᠵᠤ ᠬᠡᠯᠲᠦᠷᠢᠭᠦᠯᠬᠦ︾ ᠠᠷᠭ᠎ᠠ ᠮᠠᠶ᠋ᠢᠭ ᠢᠶᠠᠷ᠂ ᠨᠠᠷᠢᠯᠢᠭ ᠣᠨᠣᠪᠴᠢᠲᠠᠶ ᠪᠠᠷ ᠨᠡᠶᠢᠳᠡᠮ ᠠᠰᠢᠭ ᠬᠦᠷᠲᠡᠭᠡᠬᠦ ᠶᠢ ᠪᠡᠶᠡᠯᠡᠭᠦᠯᠵᠦ᠂ ᠦᠨᠡᠨ ᠪᠣᠳᠠᠲᠠᠶ ᠠᠰᠢᠭ ᠣᠯᠭᠤᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠦᠨ᠎ᠡ᠃ ᠡᠬᠢᠯᠡᠭᠰᠡᠨ ᠠᠴᠠ ᠨᠠᠰᠢ᠂ ᠬᠤᠭᠤᠯᠠᠨ ᠭᠡᠷ ᠤᠨ ᠦᠢᠯᠡᠴᠢᠯᠡᠭᠡ 5000 ᠭᠠᠷᠤᠢ ᠬᠥᠮᠦᠨ ᠤᠳᠠᠭ᠎ᠠ ᠳᠤ ᠬᠦᠷᠴᠦ᠂ ᠡᠳᠦᠷ ᠤᠨ ᠬᠦᠯᠢᠶᠡᠨ ᠠᠪᠤᠭᠰᠠᠨ ᠬᠥᠮᠦᠨ ᠤ ᠲᠤᠭ᠎ᠠ 500 ᠭᠠᠷᠤᠢ ᠬᠥᠮᠦᠨ ᠤᠳᠠᠭ᠎ᠠ ᠳᠤ ᠬᠦᠷᠴᠡᠢ᠃     ︽ᠨᠠᠮ ᠤᠨ ᠬᠡᠰᠢᠬᠦᠨ ᠣᠯᠠᠨ ᠲᠦᠮᠡᠨ ᠤ ᠰᠡᠳᠬᠢᠯ ᠢ ᠨᠢᠭᠲᠠᠷᠠᠭᠤᠯᠵᠦ᠂ ᠠᠷᠠᠳ ᠤᠨ ᠰᠡᠳᠬᠢᠯ ᠳᠤ ᠦᠢᠯᠡᠴᠢᠯᠡᠬᠦ᠂ ᠦᠨᠡᠨᠴᠢ ᠴᠠᠭᠠᠪᠤᠷᠢ ᠰᠠᠶᠢᠨ ᠰᠠᠶᠢᠬᠠᠨ ᠢ ᠤᠯᠠᠮᠵᠢᠯᠠᠬᠤ︾᠎ ᠪᠠᠷ ᠵᠣᠷᠢᠯᠲᠠ ᠪᠤᠯᠭᠠᠨ᠂ ︽ᠨᠠᠮ ᠤᠨ ᠪᠠᠶᠢᠭᠤᠯᠤᠯᠲᠠ + ᠨᠡᠶᠢᠲᠡ ᠶᠢᠨ ᠠᠰᠠᠷᠠᠮᠵᠢ︾᠎ ᠶᠢᠨ ᠬᠤᠪᠢᠰᠬᠠᠯ ᠤᠨ ᠪᠠᠬᠢᠯᠡᠯᠲᠡ ᠶᠢ ᠢᠳᠡᠪᠬᠢᠲᠡᠢ ᠴᠣᠭᠴᠠᠯᠠᠵᠤ᠂ ︽ᠬᠠᠶᠢᠷ᠎ᠠ ᠬᠠᠯᠠᠮᠵᠢ ᠶᠢᠨ ᠰᠢᠩᠭᠡᠨ ᠪᠤᠳᠠᠭ᠎ᠠ ᠶᠢᠨ ᠥᠷᠥᠭᠡ︾᠎ ᠶᠢ ᠦᠷᠬᠦᠯᠵᠢᠯᠡᠬᠦᠯᠵᠦ᠂ ᠨᠠᠰᠤᠨ ᠲᠤᠷᠰᠢ ᠶᠢᠨ ᠬᠠᠶᠢᠷ᠎ᠠ ᠬᠠᠯᠠᠮᠵᠢ ᠪᠤᠯᠭᠠᠨ᠎ᠠ᠂ ︽ᠪᠠᠶ ᠯᠢᠩ ᠨᠡᠶᠢᠭᠡᠮ ᠲᠣᠭᠤᠷᠢᠭ ᠤᠨ ᠬᠤᠭᠤᠯᠠᠨ ᠬᠡᠷ︾ ᠦᠷᠭᠦᠯᠵᠢᠯᠡᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠥᠨᠥᠴᠢᠨ ᠪᠡᠯᠪᠡᠰᠦᠨ ᠪᠠ ᠭᠡᠷ ᠎ ᠲᠡᠭᠡᠨ ᠦᠯᠡᠳᠡᠵᠦ ᠬᠤᠴᠤᠷᠤᠭᠰᠠᠨ ᠨᠠᠰᠤᠲᠠᠨ᠂ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ᠂ ᠵᠡᠮᠳᠡᠭᠴᠦᠳ ᠵᠡᠷᠭᠡ ᠬᠥᠮᠦᠰ ᠲᠤ ᠦᠨ᠎ᠡ ᠲᠥᠯᠥᠪᠦᠷᠢ ᠦᠭᠡᠢ ᠪᠠᠷ ᠥᠷᠯᠥᠭᠡ ᠶᠢᠨ ᠬᠤᠭᠤᠯᠠ ᠬᠠᠩᠭᠠᠵᠤ᠂ ᠦᠢᠯᠡᠴᠢᠯᠡᠭᠡᠨ ᠤ ᠠᠭᠤᠯᠭ᠎ᠠ ᠪᠠᠨ ᠲᠠᠰᠤᠷᠠᠯᠲᠠ ᠤᠢᠭᠡᠢ ᠦᠷᠬᠡᠵᠢᠬᠦᠯᠵᠤ᠂ ᠬᠠᠶᠢᠷ᠎ᠠ ᠬᠠᠯᠠᠮᠵᠢ ᠶᠢ ᠳᠠᠮᠵᠢᠭᠤᠯᠬᠤ ᠂ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠪᠠᠷ᠂ ᠠᠷᠠᠳ ᠤᠨ ᠠᠮᠢᠳᠤᠷᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠶ ᠬᠠᠷᠢᠭᠤᠯᠲᠠ ᠦᠭᠬᠦ ᠪᠠ ᠪᠤᠳᠠᠳᠠᠢ ᠠᠵᠢᠯᠯᠠᠭ᠎ᠠ ᠶᠢ ︽ᠬᠠᠶᠢᠷ᠎ᠠ ᠬᠠᠯᠠᠮᠵᠢ ᠪᠠᠷ ᠰᠡᠳᠬᠢᠯ ᠢ ᠳᠤᠯᠠᠭᠠᠴᠠᠭᠤᠯᠬᠤ︾ ᠦᠢᠯᠡᠴᠢᠯᠡᠬᠡᠨ ᠤ ᠦᠷ᠎ᠠ ᠪᠦᠳᠦᠮᠵᠢ ᠪᠣᠯᠭᠠᠨ ᠬᠤᠪᠢᠷᠠᠭᠤᠯᠤᠨ᠂ ︽ᠪᠠᠢ ᠯᠢᠩ ᠨᠡᠶᠢᠭᠡᠮ ᠲᠣᠭᠤᠷᠢᠭ ᠤᠨ ᠬᠤᠭᠤᠯᠠᠨ ᠬᠡᠷ︾᠎ ᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠶ ᠵᠣᠯᠭᠠᠭᠤᠯᠬᠤ ᠶᠢ ᠪᠠᠳᠤᠯᠠᠵᠦ᠂ ᠬᠠᠶᠢᠷ᠎ᠠ ᠬᠠᠯᠠᠮᠵᠢ ᠶᠢ ᠳᠠᠮᠵᠢᠭᠤᠯᠤᠭᠰᠠᠨ ᠭᠠᠷᠠᠮ ᠪᠤᠯᠭᠠᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃      ᠲᠠᠷᠠᠭᠠᠴᠢ ᠶᠢᠨ ᠠᠯᠬᠤᠮ ᠳᠤ᠂ ᠳᠠᠷᠬᠠᠨ ᠵᠡᠭᠡᠯᠢ ᠭᠤᠳᠤᠮᠵᠢ ᠨᠡᠶᠢᠭᠡᠮ ᠤᠨ ᠡᠬᠢ ᠪᠠᠶᠠᠯᠢᠭ ᠢ ᠢᠳᠡᠪᠬᠢᠲᠡᠶ ᠡᠮᠬᠢᠯᠡᠨ ᠨᠡᠶᠢᠯᠡᠭᠦᠯᠵᠦ᠂ ᠬᠤᠷᠰᠢᠭᠴᠢ ᠶᠢᠨ ᠳᠠᠪᠠᠭᠤᠯᠢᠭ ᠢ ᠭᠦᠨᠵᠡᠭᠡᠶ ᠠᠭᠤᠳᠠᠯᠤᠨ᠂ ᠠᠳᠠᠯᠢ ᠪᠤᠰᠤ ᠪᠦᠯᠬᠦᠮ ᠨᠡᠶᠢᠳᠠ ᠶᠢᠨ ᠬᠡᠷᠡᠭᠴᠡᠭᠡ ᠶᠢ ᠣᠨᠣᠪᠴᠢᠲᠠᠶ ᠵᠣᠯᠭᠠᠭᠤᠯᠵᠤ᠂  ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠰᠢᠨ᠎ᠡ ᠶᠢ ᠡᠭᠦᠳᠦᠨ᠂ ᠰᠠᠭᠤᠭᠠᠯᠢ ᠠᠷᠠᠳ ᠲᠤ ᠦᠨᠡᠨ ᠬᠦ ᠬᠠᠶᠢᠷ᠎ᠠ ᠬᠠᠯᠠᠮᠵᠢ ᠬᠦᠷᠲᠡᠭᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ