ᠪᠠᠭᠠᠷᠢᠨ ᠪᠠᠷᠠᠭᠤᠨ ᠬᠤᠰᠢᠭᠤᠨ ᠤ ᠬᠤ᠋ ᠶᠠᠩ ᠬᠤᠨᠢ ᠲᠡᠵᠢᠭᠡᠨ ᠦᠷᠡᠵᠢᠭᠦᠯᠬᠦ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠮᠤᠵᠢ ᠶᠢᠨ ᠱᠠᠲᠤᠨ ᠳᠤ ᠲᠥᠷᠥᠯ ᠵᠦᠢᠯ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/6/10
      ᠣᠶᠢᠷ᠎ᠠ ᠳᠤ᠂ ᠥᠪᠥᠷ ᠮᠣᠩᠭᠤᠯ ᠤᠨ ᠷᠦᠢ ᠮᠧᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠡᠭᠦᠷᠭᠡᠯᠡᠭᠰᠡᠨ ︽ᠬᠤ᠋ ᠶᠠᠩ ᠬᠤᠨᠢ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠪᠠᠷᠢᠮᠵᠢᠶᠠᠵᠢᠭᠤᠯᠤᠭᠰᠠᠨ ᠦᠷᠡᠵᠢᠭᠦᠯᠦᠨ ᠪᠤᠶᠢᠵᠢᠭᠤᠯᠬᠤ ᠮᠡᠷᠭᠡᠵᠢᠯ ᠤᠨ ᠰᠤᠳᠤᠯᠭᠠᠨ ᠬᠢᠭᠡᠳ ᠵᠢᠱᠢᠶ᠎ᠡ ᠦᠵᠡᠭᠦᠯᠬᠦ︾ ᠲᠥᠷᠥᠯ ᠵᠦᠢᠯ ᠨᠢ 2025 ᠣᠨ ᠤ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠲᠤᠯᠭᠠᠭᠤᠷᠢᠯᠠᠬᠤ ᠲᠥᠷᠥᠯ ᠵᠦᠢᠯ︶᠎ ᠪᠠᠷ ᠵᠥᠪᠰᠢᠶᠡᠷᠡᠭᠳᠡᠵᠦ᠂ ᠪᠠᠭᠠᠷᠢᠨ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠤ ᠯᠠᠪᠳᠠᠭᠤᠨ ᠪᠠᠲᠤᠲᠠᠶ ᠠᠯᠬᠤᠮ ᠠᠯᠬᠤᠭᠰᠠᠨ ᠢ ᠬᠠᠷᠠᠭᠤᠯᠵᠤ᠂ ᠪᠠᠭᠠᠷᠢᠨ ᠪᠠᠷᠠᠭᠤᠨ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠲᠦᠷᠭᠡᠳᠬᠡᠨ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠨᠡᠮᠡᠷᠢᠯᠡᠪᠡ᠃     ᠲᠣᠰ ᠲᠥᠷᠥᠯ ᠵᠦᠢᠯ ᠨᠢ ᠬᠤ᠋ ᠶᠠᠩ ᠬᠤᠨᠢ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠥᠭᠵᠢᠯᠲᠡ ᠶᠢᠨ ᠪᠣᠭᠤᠮᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠤ᠋ ᠶᠠᠩ ᠬᠤᠨᠢ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠪᠠᠷᠢᠮᠵᠢᠶᠠᠵᠢᠭᠤᠯᠤᠨ ᠦᠷᠡᠵᠢᠭᠦᠯᠦᠨ ᠪᠤᠶᠢᠵᠢᠭᠤᠯᠬᠤ ᠮᠡᠷᠭᠡᠵᠢᠯ ᠤᠨ ᠲᠣᠭᠤᠷᠢᠨ ᠳᠤ ᠰᠢᠰᠲ᠋ᠧᠮᠲᠦ ᠴᠢᠨᠠᠷᠲᠠᠶ ᠰᠤᠳᠤᠯᠭᠠᠨ ᠪᠠ ᠵᠢᠱᠢᠶ᠎ᠡ ᠦᠵᠡᠭᠦᠯᠬᠦ ᠠᠵᠢᠯ ᠢ ᠥᠷᠨᠢᠭᠦᠯᠪᠡ᠃ ᠲᠡᠷᠢᠭᠦᠨ ᠤ ᠲᠡᠵᠢᠭᠡᠨ ᠦᠷᠡᠵᠢᠭᠦᠯᠬᠦ ᠮᠡᠷᠭᠡᠵᠢᠯ ᠬᠢᠭᠡᠳ ᠬᠠᠮᠢᠶᠠᠷᠤᠯᠲᠠ ᠶᠢᠨ ᠲᠤᠷᠰᠢᠯᠭ᠎ᠠ ᠶᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠬᠤ᠋ ᠶᠠᠩ ᠬᠤᠨᠢ ᠶᠢ ᠥᠨᠳᠥᠷ ᠦᠷ᠎ᠡ ᠪᠦᠲᠦᠮᠵᠢᠲᠡᠶ ᠪᠠᠷ ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢ ᠪᠠᠶᠢᠭᠤᠯᠵᠤ᠂ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠬᠢᠭᠡᠳ ᠲᠡᠵᠢᠭᠡᠯ ᠪᠣᠷᠳᠣᠭᠠᠨ ᠤ ᠨᠠᠶᠢᠷᠠᠯᠭ᠎ᠠ ᠶᠢ ᠰᠢᠯᠢᠳᠡᠭᠵᠢᠭᠦᠯᠦᠨ᠂ ᠬᠤ᠋ ᠶᠠᠩ ᠬᠤᠨᠢ ᠶᠢ ᠦᠷᠡᠵᠢᠭᠦᠯᠬᠦ ᠦᠷ᠎ᠡ ᠪᠦᠲᠦᠮᠵᠢ ᠬᠢᠭᠡᠳ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠵᠦ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠵᠠᠭᠪᠤᠷ ᠢ ᠪᠣᠶ ᠪᠣᠯᠭᠠᠨ᠂ ᠲᠤᠬᠠᠶ ᠶᠢᠨ ᠭᠠᠵᠠᠷ ᠤᠨ ᠬᠤ᠋ ᠶᠠᠩ ᠬᠤᠨᠢᠨ ᠤ ᠠᠵᠤ ᠦᠢᠯᠡᠰ ᠢ ᠬᠡᠪᠴᠢᠶᠡᠵᠢᠭᠦᠯᠬᠦ᠂ ᠡᠷᠴᠢᠮᠵᠢᠭᠦᠯᠬᠦ᠂ ᠰᠢᠨᠵᠢᠯᠡᠬᠦ ᠤᠬᠠᠭᠠᠨᠴᠢᠯᠠᠬᠤ ᠴᠢᠭᠯᠡᠯ ᠳᠠᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠳᠥᠯᠭᠢᠨ ᠠᠬᠢᠭᠤᠯᠤᠨ᠎ᠠ᠃     ᠲᠣᠰ ᠤᠳᠠᠭ᠎ᠠ ᠶᠢᠨ ᠲᠥᠷᠥᠯ ᠵᠦᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠦᠭᠰᠡᠨ ᠶᠠᠪᠤᠳᠠᠯ ᠪᠣᠯ ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠭᠰᠡᠨ ᠴᠢᠬᠤᠯᠠ ᠦᠷ᠎ᠡ ᠪᠦᠲᠦᠭᠡᠯ ᠪᠣᠯᠤᠨ᠎ᠠ᠃ ᠣᠶᠢᠷ᠎ᠠ ᠶᠢᠨ ᠵᠢᠯ ᠳᠤ᠂ ᠪᠠᠭᠠᠷᠢᠨ ᠪᠠᠷᠠᠭᠤᠨ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠥᠷᠨᠢᠭᠦᠯᠬᠦ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠠᠵᠤ ᠠᠬᠤᠶᠢᠯᠠᠯ ᠤᠨ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠭᠤᠤᠯᠯᠠᠬᠤ ᠥᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠳᠤ  ᠦᠢᠯᠡᠴᠢᠯᠡᠬᠦ ᠪᠠᠨ ᠴᠢᠩᠭᠠᠳᠬᠠᠵᠤ᠂ ᠨᠠᠩ ᠣᠯᠠᠨ ᠴᠢᠨᠠᠷ ᠰᠠᠶᠢᠲᠠᠶ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ