| | | 6 ᠰᠠᠷ᠎ᠠ ᠶᠢᠨ 8 ᠤ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠵᠠᠯᠠᠭᠤᠴᠤᠳ ᠤᠨ ᠡᠪᠯᠡᠯ ᠤᠨ | ᠬᠤᠷᠢᠶ᠎ᠡ ᠶᠢᠨ ᠬᠢᠨ ᠯᠢᠨᠰᠢ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠵᠠᠯᠠᠭᠤᠴᠤᠳ ᠤᠨ ᠡᠪᠯᠡᠯ ᠤᠨ ᠬᠤᠷᠢᠶ᠎ᠡ ᠶᠢᠨ ᠬᠢᠨ ᠲᠠᠢ ᠬᠠᠮᠲᠤᠷᠠᠨ ︽ | ᠬᠠᠮᠲᠤ ᠪᠠᠷ ᠪᠠᠶᠢᠭᠤᠯᠵᠤ ᠬᠤᠯᠪᠣᠭᠠᠯᠠᠨ ᠡᠭᠦᠳᠴᠦ ᠥᠷᠭᠡᠨ ᠳᠡᠯᠭᠡᠷ ᠶᠠᠪᠤᠯᠴᠠᠭ᠎ᠠ ᠶᠢ ᠠᠬᠢᠭᠤᠯᠵᠤ ᠭᠠᠷ ᠬᠤᠯᠪᠣᠨ ᠬᠡᠦᠬᠡᠳ ᠤᠳ ᠬᠠᠮᠳᠤᠪᠠᠷ ᠬᠠᠷᠢᠯᠴᠠᠨ ᠰᠤᠳᠤᠯᠵᠤ | ᠬᠠᠷᠢᠯᠴᠠᠨ ᠰᠤᠷᠤᠯᠴᠠᠬᠤ ᠶᠢ ᠠᠬᠢᠭᠤᠯᠬᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠯᠠᠭᠠᠨ | ᠪᠦᠴᠡᠳᠡᠨ ᠤ ᠰᠤᠳᠤᠯᠤᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠶᠠᠷ ᠭᠠᠵᠠᠷ ᠤᠨ ᠦᠨᠳᠦᠰᠦᠲᠡᠨ ᠨᠦᠭᠦᠳ ᠤᠨ 60 ᠭᠠᠷᠤᠶ | ᠵᠠᠯᠠᠭᠤᠴᠤᠳ ᠪᠠᠭᠠᠴᠤᠳ ᠬᠠᠮᠲᠤ ᠪᠠᠷ ᠰᠣᠶᠣᠯ ᠤᠨ ᠷᠢᠳᠢ ᠰᠢᠳᠢ ᠪᠠᠷ ᠪᠢᠯᠬᠠᠭᠰᠠᠨ ᠰᠤᠳᠤᠯᠤᠨ ᠰᠤᠷᠤᠯᠴᠠᠬᠤ ᠠᠶᠠᠯᠠᠯ ᠢᠶᠠᠨ ᠡᠬᠢᠯᠡᠭᠦᠯᠪᠡ᠃ | ᠰᠤᠳᠤᠯᠤᠨ ᠰᠤᠷᠤᠯᠴᠠᠬᠤ ᠠᠵᠢᠯᠯᠠᠭ᠎ᠠ ᠶᠢᠨ ᠠᠭᠤᠯᠭ᠎ᠠ ᠡᠯᠪᠡᠭ ᠪᠠᠶᠠᠯᠢᠭ ᠪᠥᠭᠡᠳ ᠭᠤᠶᠢᠳᠠ ᠰᠠᠶᠢᠬᠠᠨ ᠪᠠᠶᠢᠵᠤ᠂ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠡᠩ ᠲᠡᠷᠢᠭᠦᠨ ᠳᠤ ᠯᠢᠨᠰᠢ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠬᠦᠷᠴᠦ᠂ ︽ᠰᠡᠭᠦᠳᠡᠷ ᠤᠨ ᠶᠢᠷᠲᠢᠨᠴᠦ︾ | ᠪᠣᠯᠤᠨ ᠣᠳᠣᠨ ᠣᠷᠣᠨ ᠤ ᠪᠠᠶᠢᠯᠳᠤᠭᠠᠨ ᠤ ᠬᠥᠯᠭᠡ ᠣᠩᠭᠤᠴᠠ VR ᠶᠢ ᠪᠡᠶᠡᠴᠢᠯᠡᠨ ᠣᠶᠢᠯᠠᠭᠠᠵᠤ᠂ ᠬᠡᠷᠡᠯ ᠤᠨ ᠤᠬᠠᠭᠠᠨ ᠤ ᠭᠠᠶᠢᠬᠠᠮᠰᠢᠭ ᠪᠠ ᠬᠤᠰᠢᠭᠤᠷᠠᠯ | ᠮᠡᠷᠭᠡᠵᠢᠯ ᠢ ᠮᠡᠳᠡᠷᠡᠵᠦ᠂ ᠪᠠᠰᠠ ᠲᠥᠪᠡᠳ ᠬᠠᠰᠢ ᠤᠨ ᠵᠢᠵᠢᠭ ᠪᠠᠯᠭᠠᠰᠤᠨ ᠳᠤ ᠣᠲᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠢ ᠰᠤᠷᠤᠯᠴᠠᠵᠤ᠂ ᠰᠢᠷᠣᠶ ᠥᠬᠡᠶ ᠪᠠᠷ | ᠳᠠᠷᠢᠵᠤ ᠪᠤᠶᠢᠵᠢᠭᠤᠯᠬᠤ ᠶᠢ ᠪᠡᠶᠡᠴᠢᠯᠡᠨ ᠣᠶᠢᠯᠠᠭᠠᠪᠠ᠃ ᠬᠤᠶᠠᠳᠤᠭᠠᠷ ᠥᠷᠲᠡᠭᠡ ᠳᠤ ᠰᠢ ᠱᠠᠨ ᠭᠧᠨ ᠬᠤᠪᠢᠰᠬᠠᠯ ᠤᠨ ᠬᠥᠮᠦᠵᠢᠯ ᠤᠨ ᠰᠠᠭᠤᠷᠢᠨ ᠳᠤ ᠬᠦᠷᠴᠦ᠂ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠬᠢᠴᠢᠶᠡᠯ ᠢ ᠰᠣᠨᠣᠰᠴᠤ᠂ ᠬᠤᠪᠢᠰᠬᠠᠯ ᠤᠨ ᠲᠡᠦᠬᠡᠨ ᠳᠤ ᠠᠷᠢᠭᠤᠳᠬᠠᠯ ᠭᠥᠷᠳᠡᠵᠦ᠂ ︽ᠲᠠᠪᠤᠨ | ᠬᠠᠮᠲᠤ ᠶᠢᠨ ᠲᠠᠨᠢᠯᠲᠠ︾ ᠪᠠᠨ ᠴᠢᠩᠭᠠᠳᠬᠠᠪᠠ᠃ ᠪᠣᠳᠠᠰ ᠤᠨ ᠪᠤᠰᠤ ᠰᠣᠶᠣᠯ ᠤᠨ ᠥᠪ ᠤᠨ ᠡᠷᠳᠡᠨᠢ ᠰᠢᠰᠢ ᠶᠢᠨ ᠬᠠᠯᠢᠰᠤ ᠶᠢᠨ ᠭᠠᠷ ᠤᠷᠠᠯᠠᠯ ᠤᠨ ᠲᠥᠪ ᠲᠤ᠂ | ᠡᠷᠳᠡᠨᠢ ᠰᠢᠰᠢ ᠶᠢᠨ ᠬᠠᠯᠢᠰᠤ ᠪᠠᠷ ᠦᠢᠯᠡᠳᠬᠦ ᠮᠡᠷᠭᠡᠵᠢᠯ ᠢ ᠰᠤᠷᠤᠯᠴᠠᠵᠤ᠂ ᠬᠠᠮᠲᠤ ᠪᠠᠷ ᠭᠤᠤᠯ ᠰᠡᠳᠦᠪᠲᠦ ᠵᠢᠷᠤᠭ ᠨᠠᠭᠠᠵᠤ᠂ ᠰᠣᠶᠣᠯ ᠤᠨ ᠣᠨᠴᠠᠯᠢᠭ ᠢᠶᠠᠨ | ᠰᠣᠯᠢᠯᠴᠠᠨ᠂ ᠦᠨᠳᠦᠰᠦᠲᠡᠨ ᠤ ᠰᠣᠶᠣᠯ ᠤᠨ ᠢᠲᠡᠭᠡᠯ ᠢᠶᠠᠨ ᠨᠡᠮᠡᠭᠳᠡᠬᠦᠯᠪᠡ᠃ ᠳᠤᠭᠤᠶᠢᠯᠠᠩ ᠬᠤᠪᠢᠶᠠᠵᠤ ᠴᠢᠯᠠᠭᠤᠨ ᠰᠡᠶᠢᠯᠦᠮᠡᠯ ᠬᠢᠬᠦ ᠪᠠ ᠤᠯᠠᠭᠠᠨ ᠪᠦᠴᠡᠳᠡᠨ ᠤ | ᠢᠳᠡᠰᠢᠨ ᠨᠣᠭᠤᠭᠠᠨ ᠤ ᠬᠦᠷᠢᠶᠡᠯᠡᠩ ᠤᠨ ᠦᠢᠯᠡᠳᠦᠯᠭᠡ ᠳᠤᠮᠳᠠ᠂ ᠵᠠᠯᠠᠭᠤᠴᠤᠳ ᠪᠠᠭᠠᠴᠤᠳ ᠪᠦᠲᠦᠭᠡᠯᠴᠢ ᠰᠠᠨᠠᠭ᠎ᠠ ᠪᠠᠨ ᠪᠠᠳᠠᠷᠠᠭᠤᠯᠵᠤ᠂ ᠬᠠᠮᠵᠢᠯᠴᠠᠨ | ᠬᠥᠳᠡᠯᠮᠦᠷᠢᠯᠡᠵᠦ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠨ ᠢᠯᠡᠳᠬᠡᠵᠦ᠂ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠴᠢᠬᠤᠯᠠ | ᠴᠢᠨᠠᠷ ᠢ ᠣᠶᠢᠯᠠᠭᠠᠪᠠ᠃ | ᠲᠣᠰ ᠤᠳᠠᠭᠠᠨ ᠤ ᠣᠷᠣᠨ ᠪᠦᠰᠡ ᠠᠯᠤᠰᠯᠠᠭᠰᠠᠨ ᠰᠤᠳᠤᠯᠤᠨ ᠰᠤᠷᠤᠯᠴᠠᠬᠤ ᠠᠵᠢᠯᠯᠠᠭ᠎ᠠ ᠪᠣᠯ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠬᠢᠴᠢᠶᠡᠯ | ᠪᠣᠯᠬᠤ ᠪᠠᠷ ᠪᠠᠷᠠᠬᠤ ᠥᠬᠡᠶ ᠨᠠᠩ ᠴᠤ ᠰᠡᠳᠬᠢᠯ ᠵᠢᠷᠦᠬᠡ ᠶᠢ ᠤᠮᠳᠠᠯᠠᠭᠰᠠᠨ ᠦᠰᠦᠨ ᠪᠤᠶᠢᠵᠢᠯᠲᠠ ᠶᠢᠨ ᠠᠶᠠᠯᠠᠯ ᠪᠣᠯᠤᠨ᠎ᠠ᠃ ᠪᠠᠭᠠᠷᠢᠨ ᠪᠠᠷᠠᠭᠤᠨ ᠬᠤᠰᠢᠭᠤ ᠪᠣᠯᠤᠨ | ᠯᠢᠨᠰᠢ ᠰᠢᠶᠠᠨ ︽ᠤᠯᠠᠭᠠᠨ ᠪᠥᠴᠡᠲᠡᠨ︾ ᠭᠡᠬᠦ ᠬᠤᠯᠪᠣᠭᠠᠰᠤ ᠪᠠᠷ ᠳᠠᠮᠵᠢᠭᠤᠯᠤᠨ᠂ ᠭᠠᠵᠠᠷ ᠣᠷᠣᠨ ᠤ ᠪᠠᠬᠢᠯᠡᠯᠲᠡ ᠶᠢ ᠡᠪᠳᠡᠵᠦ᠂ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠢ ᠰᠣᠶᠣᠯ ᠤᠨ ᠣᠶᠢᠯᠠᠭᠠᠯᠲᠠ᠂ ᠬᠥᠳᠡᠯᠮᠦᠷᠢ ᠶᠢᠨ ᠦᠢᠯᠡᠳᠦᠯᠬᠡ ᠪᠣᠯᠤᠨ ᠬᠤᠪᠢᠰᠬᠠᠯ ᠤᠨ ᠬᠥᠮᠦᠵᠢᠯ ᠤᠨ ᠳᠤᠮᠳᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠦᠨ ᠵᠤᠵᠠᠭᠠᠨ ᠠᠭᠤᠯᠤᠭᠳᠠᠬᠤᠨ ᠢ ᠣᠶᠢᠯᠠᠭᠠᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ | ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠡᠳᠬᠢᠯ ᠵᠢᠷᠦᠬᠡᠨ ᠳᠤ ᠬᠠᠳᠠᠩᠰᠢᠭᠤᠯᠵᠦ᠂ | ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠳᠡᠭᠡᠳᠦ ᠬᠡᠮᠵᠢᠶ᠎ᠡ ᠪᠠᠷ ᠮᠡᠳᠡᠷᠡᠬᠦ ᠶᠢ ᠵᠣᠷᠢᠭᠵᠢᠭᠤᠯᠵᠠᠶ᠃ | ᠢᠷᠡᠭᠡᠳᠦᠶ ᠳᠤ᠂ ᠬᠤᠶᠠᠷ ᠭᠠᠵᠠᠷ ᠤᠨ ᠬᠢᠨ ︽ᠨᠢᠭᠡ ᠭᠤᠤᠯ ᠤᠨ ᠬᠤᠶᠠᠷ ᠡᠷᠭᠢ︾ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠪᠦᠰᠡ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠶᠠᠷ ᠭᠠᠵᠠᠷ ᠤᠨ ᠭᠦᠨ ᠵᠤᠵᠠᠭᠠᠨ ᠰᠣᠶᠣᠯ ᠤᠨ ᠡᠬᠢ ᠪᠠᠶᠠᠯᠢᠭ ᠲᠤ | ᠲᠦᠰᠢᠭᠯᠡᠨ᠂ ︽ᠶᠠᠪᠤᠵᠤ ᠰᠠᠭᠤᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠠᠩᠬᠢᠮ︾ ᠢ ᠪᠠᠶᠢᠭᠤᠯᠵᠤ᠂ ᠨᠠᠩ ᠣᠯᠠᠨ ᠬᠡᠯᠪᠡᠷᠢ ᠶᠢᠨ ᠵᠠᠯᠠᠭᠤᠴᠤᠳ | ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ᠂ ᠵᠠᠯᠠᠭᠤᠴᠤᠳ ᠪᠠᠭᠠᠴᠤᠳ ᠲᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠥᠷᠭᠡᠨ ᠠᠭᠤᠳᠠᠮ | ᠲᠠᠪᠴᠠᠩ ᠢ ᠪᠠᠶᠢᠭᠤᠯᠵᠤ ᠥᠭᠭᠦᠨ᠎ᠡ᠃ ᠡᠭᠦᠨ ᠤ ᠬᠠᠮᠲᠤ᠂ ᠬᠤᠶᠠᠷ ᠭᠠᠵᠠᠷ ᠤᠨ ᠬᠠᠷᠢᠯᠴᠠᠭ᠎ᠠ ᠬᠠᠮᠵᠢᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ | ᠰᠣᠶᠣᠯ ᠤᠨ ᠲᠣᠯᠢᠯᠠᠯ ᠪᠣᠯᠤᠨ ᠠᠵᠤ ᠦᠢᠯᠡᠰ ᠤᠨ ᠬᠠᠮᠵᠢᠯᠴᠠᠭ᠎ᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ | ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠴᠣ ᠰᠢᠨ᠎ᠡ | ᠬᠠᠭᠤᠳᠠᠰᠤ ᠶᠢ ᠭᠠᠷ ᠬᠤᠯᠪᠣᠨ ᠪᠢᠴᠢᠭᠯᠡᠨ᠎ᠡ᠃ |