ᠬᠤᠰᠢᠭᠤᠨ ᠤ ᠨᠠᠮ ᠤᠨ ᠬᠤᠷᠢᠶ᠎ᠡ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠳᠣᠯᠣᠳᠤᠭᠠᠷ ᠤᠳᠠᠭᠠᠨ ᠤ ᠬᠠᠮᠲᠤ ︵ᠦᠷᠬᠡᠳᠬᠡᠭᠰᠡᠨ︶᠎ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/11
     6 ᠰᠠᠷ᠎ᠠ ᠶᠢᠨ 10᠎ ᠤ ᠡᠳᠦᠷ᠂ ᠬᠤᠰᠢᠭᠤᠨ ᠤ ᠨᠠᠮ ᠤᠨ ᠬᠤᠷᠢᠶ᠎ᠡ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ︽ᠨᠠᠮ ᠵᠠᠰᠠᠭ ᠤᠨ ᠠᠯᠪᠠᠨ ᠪᠠᠶᠢᠭᠤᠯᠭ᠎ᠠ ᠰᠠᠶᠢᠲᠤᠷ ᠭᠠᠮᠨᠠᠨ ᠠᠷᠪᠢᠯᠠᠵᠤ ᠪᠦᠷᠢᠯᠭᠡᠬᠦ ᠶᠢ ᠡᠰᠡᠷᠭᠦᠴᠡᠬᠦ ᠲᠦᠷᠢᠮ︾᠂ ︽ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠮᠡᠳᠡᠭᠳᠡᠯ︾ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠶᠢᠨ ᠵᠢᠶᠠᠩ ᠪᠥᠸᠧ ᠶᠢᠨ ᠨᠠᠶᠢᠳᠠᠯᠭ᠎ᠠ ᠪᠠᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠲᠢᠶᠠᠨ ᠶᠦᠩ ᠰᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠳᠡᠭᠡᠷ᠎ᠡ᠂ ᠬᠡᠰᠡᠭ ᠨᠥᠬᠦᠳ ᠲᠤᠬᠠᠢ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠵᠤ᠂ ᠪᠤᠰᠤᠳ ᠨᠥᠬᠦᠳ ᠪᠢᠴᠢᠭ ᠤᠨ ᠬᠡᠯᠪᠡᠷᠢ ᠪᠠᠷ ᠰᠤᠳᠤᠯᠤᠨ ᠶᠠᠷᠢᠯᠴᠠᠬᠤ ᠮᠠᠲ᠋ᠧᠷᠢᠶᠠᠯ ᠢᠶᠠᠨ ᠲᠤᠰᠢᠶᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠰᠡᠷᠭᠡᠭ ᠴᠢᠨᠠᠷ ᠢ ᠳᠡᠭᠡᠭᠰᠢᠯᠡᠭᠦᠯᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠢᠬᠤᠯᠠ ᠡᠭᠦᠷᠭᠡ ᠪᠣᠯᠭᠠᠨ ᠬᠦᠴᠦᠲᠡᠢ ᠠᠬᠢᠭᠤᠯᠵᠤ᠂ ᠤᠬᠠᠮᠰᠠᠷ ᠠᠴᠠ ᠪᠠᠨ ᠪᠤᠷᠤᠭᠤ ᠦᠵᠡᠯ ᠰᠠᠨᠠᠭ᠎ᠠ ᠦᠵᠡᠯᠲᠡ ᠲᠠᠢ ᠲᠡᠮᠡᠴᠡᠵᠦ᠂ ᠰᠠᠶᠢᠨ ᠰᠠᠶᠢᠬᠠᠨ ᠰᠤᠷᠤᠯᠴᠠᠯᠭ᠎ᠠ ᠬᠥᠮᠦᠵᠢᠯ ᠤᠨ ᠠᠭᠤᠷ ᠠᠮᠢᠰᠬᠤᠯ ᠢ ᠲᠦᠷᠦᠭᠦᠯᠡᠨ ᠪᠤᠢ ᠪᠣᠯᠭᠠᠬᠤ ᠬᠡᠷᠡᠭᠲᠡᠢ᠃ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠰᠦᠷᠳᠡᠭᠦᠯᠦᠯ ᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ︔ ᠬᠡᠷᠡᠭ ᠢᠶᠠᠷ ᠰᠡᠷᠡᠮᠵᠢᠯᠡᠭᠦᠯᠬᠦ ᠶᠢ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠰᠢᠨᠵᠢ ᠴᠢᠨᠠᠷ᠂ ᠢᠯᠡᠷᠡᠯ᠂ ᠬᠤᠤᠷ ᠬᠥᠨᠥᠭᠡᠯ ᠢ ᠭᠦᠨᠵᠡᠭᠡᠶ ᠵᠠᠳᠠᠯᠤᠨ ᠰᠢᠨᠵᠢᠯᠡᠵᠦ᠂ ᠨᠠᠮ ᠤᠨ ᠭᠡᠰᠢᠭᠦᠨ᠂ ᠺᠠᠳ᠋ᠷᠴᠤᠳ ᠲᠤ ᠰᠡᠷᠡᠮᠵᠢᠯᠡᠭᠦᠯᠦᠯ ᠥᠭᠴᠦ᠂ ᠬᠤᠷᠢᠭ᠎ᠠ ᠱᠤᠭᠤᠮ ᠢ ᠰᠠᠶᠢᠳᠤᠷ ᠰᠠᠬᠢᠬᠤ ᠬᠡᠷᠡᠭᠲᠡᠶ᠃ ᠬᠠᠷᠢᠭᠤᠴᠠᠯᠭ᠎ᠠ ᠪᠣᠯᠤᠨ ᠳᠠᠷᠤᠯᠲᠠ ᠶᠢ ᠳᠠᠮᠵᠢᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠪᠤᠰᠤᠳ ᠭᠤᠣᠯᠳᠠᠯᠭ᠎ᠠ ᠲᠠᠢ ᠠᠵᠢᠯ ᠲᠠᠢ ᠵᠡᠷᠭᠡᠪᠡᠷ ᠲᠤᠬᠢᠷᠠᠭᠤᠯᠵᠤ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠬᠢᠨᠠᠨ ᠵᠢᠯᠣᠭᠤᠳᠴᠤ᠂ ᠵᠡᠷᠭᠡᠪᠡᠷ ᠠᠬᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠣᠯᠤᠨ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾᠎ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠪᠣᠯᠤᠨ ᠪᠣᠳᠠᠲᠠᠢ ᠢᠯᠡᠷᠡᠯ ᠢ ᠨᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠡᠯ᠎ᠡ ᠬᠦᠷᠢᠶᠡᠨ ᠳᠤ ᠪᠦᠷᠬᠦᠭᠦᠯᠵᠦ᠂ ᠪᠦᠬᠦ ᠺᠠᠳ᠋ᠷᠴᠤᠳ ᠲᠤ ᠪᠦᠷᠬᠦᠬᠦᠯᠬᠦ ᠶᠢ ᠪᠠᠲᠤᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠵᠠᠢ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ