| | | | ᠣᠶᠢᠷ᠎ᠠ ᠳᠤ᠂ ᠪᠠᠶᠠᠨᠬᠤᠰᠢᠭᠤ ᠪᠠᠯᠭᠠᠰᠤ ᠲᠠᠷᠢᠶᠠᠯᠠᠩ ᠤᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠢ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠵᠤ᠂ ᠬᠤᠶᠠᠷ ᠮᠢᠩᠭᠠᠨ ᠮᠥ ᠨᠡᠷᠡᠨ ᠬᠤᠸᠠᠷ ᠳᠠᠷᠢᠬᠤ ᠠᠵᠢᠯ ᠢ ᠨᠢᠭᠡᠨᠲᠡ | ᠪᠥᠬᠦ ᠲᠠᠯ᠎ᠠ ᠪᠠᠷ ᠳᠠᠭᠤᠰᠬᠠᠪᠠ᠃ | ᠪᠠᠶᠠᠨ᠋ᠣ᠋ᠪᠣᠭ᠎ᠠ ᠲᠣᠰᠬᠤᠨ ᠤ ᠲᠠᠷᠢᠶᠠᠨ ᠭᠠᠵᠠᠷ ᠲᠤ ᠬᠦᠷᠬᠦ ᠳᠤ᠂ ᠲᠠᠷᠢᠮᠠᠯ ᠤᠨ ᠲᠤᠮᠤ ᠡᠷᠦᠬᠡ ᠵᠠᠩ ᠮᠢᠩ ᠶᠠᠭᠠᠷᠠᠯᠲᠠᠢ ᠠᠵᠢᠯᠯᠠᠵᠤ ᠪᠠᠶᠢᠭ᠎ᠠ ᠲᠠᠷᠢᠬᠤ ᠮᠠᠰᠢᠨ ᠢ | ᠪᠠᠷᠠᠯᠠᠵᠤ᠂ ᠴᠢᠷᠠᠢ ᠳᠤᠨᠢ ᠪᠣᠷᠣᠭᠵᠢᠭᠤᠨ ᠢᠨᠢᠶᠡᠮᠰᠦᠭᠯᠡᠯ ᠢᠶᠠᠷ ᠪᠢᠯᠬᠠᠵᠤ᠄ ︽ᠵᠠᠰᠠᠭ ᠤᠨ ᠣᠷᠳᠣᠨ ᠠᠴᠠ ᠪᠢᠳᠡᠨ ᠳᠤ ᠦᠷ᠎ᠡ᠂ ᠬᠢᠮᠢ ᠶᠢᠨ ᠪᠤᠷᠳᠤᠭᠤᠷ ᠵᠡᠷᠭᠡ | ᠲᠠᠷᠢᠶᠠᠯᠠᠩ ᠤᠨ ᠬᠡᠷᠡᠭᠰᠡᠯ ᠢ ᠤᠷᠢᠳᠴᠢᠯᠠᠨ ᠵᠣᠬᠢᠴᠠᠭᠤᠯᠵᠤ᠂ ᠪᠠᠰᠠ ᠲᠠᠷᠢᠶᠠᠯᠠᠩ ᠤᠨ ᠮᠡᠷᠭᠡᠵᠢᠯᠲᠡᠨ ᠢ ᠲᠤᠬᠢᠷᠠᠭᠤᠯᠵᠤ ᠲᠠᠷᠢᠬᠤ ᠮᠡᠷᠭᠡᠵᠢᠯ ᠢ ᠵᠢᠯᠣᠭᠤᠳᠤᠭᠤᠯᠵᠤ᠂ | ᠤᠳᠤ ᠰᠠᠶᠢᠨ ᠬᠤᠷᠢᠶᠠᠯᠲᠠ ᠤᠯᠬᠤ ᠶᠢ ᠬᠦᠰᠡᠵᠦ ᠪᠠᠶᠢᠨ᠎ᠠ︕︾ ᠭᠡᠵᠦ ᠬᠡᠯᠡᠪᠡ᠃ | ᠤᠢᠢᠷ᠎ᠠ ᠶᠢᠨ ᠵᠢᠯ ᠠᠴᠠ᠂ ᠪᠠᠶᠠᠨᠬᠤᠰᠢᠭᠤ ᠪᠠᠯᠭᠠᠰᠤ ᠶᠢᠨ ᠬᠢᠨ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠳᠤ ᠶᠡᠬᠡᠪᠡᠷ ᠲᠤᠬᠢᠷᠠᠭᠤᠯᠤᠯᠳᠠ ᠬᠢᠵᠦ᠂ ᠨᠡᠷᠡᠨ | ᠬᠤᠸᠠᠷ᠂ ᠰᠢᠬᠢᠷ ᠯᠤᠤᠪᠠᠩ᠂ ᠰᠢᠬᠢᠷᠯᠢᠭ ᠡᠷᠳᠡᠨᠢ ᠰᠢᠰᠢ ᠵᠡᠷᠭᠡ ᠤᠨᠴᠠᠯᠢᠬᠳᠤ ᠠᠵᠤ ᠠᠬᠤᠢ ᠶᠢᠨ ᠲᠠᠷᠢᠮᠠᠯ ᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠭᠠᠷᠳᠠᠴᠠ ᠪᠣᠯᠭᠠᠪᠠ᠃ ᠲᠠᠷᠢᠮᠠᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ | ᠂ ᠪᠠᠯᠭᠠᠰᠤᠨ ᠤ ᠲᠠᠷᠢᠶᠠᠯᠠᠩ ᠤᠨ ᠰᠠᠯᠠᠭ᠎ᠠ ᠮᠥᠴᠢᠷ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠠᠷᠢᠶᠠᠴᠢᠨ ᠡᠷᠦᠬᠡ ᠳᠤ ᠮᠡᠷᠭᠡᠵᠢᠯ ᠤᠨ | ᠵᠢᠯᠣᠭᠤᠳᠣᠯᠭ᠎ᠠ᠂ ᠴᠢᠨᠠᠷ ᠰᠠᠶᠢᠲᠠᠶ ᠲᠥᠷᠥᠯ ᠵᠦᠢᠯ ᠢ ᠲᠠᠨᠢᠯᠴᠠᠭᠤᠯᠬᠤ ᠵᠢᠴᠢ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠵᠤ᠂ ᠲᠠᠷᠢᠮᠠᠯ ᠤᠨ | ᠲᠦᠭᠰᠢᠭᠦᠷᠢ ᠶᠢ ᠪᠥᠬᠦ ᠲᠠᠯ᠎ᠠ ᠪᠠᠷ ᠪᠠᠭᠤᠷᠠᠭᠤᠯᠵᠤ᠂ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠪᠡ᠃ ᠲᠥᠷᠥ ᠶᠢᠨ ᠪᠣᠳᠣᠯᠭ᠎ᠠ ᠬᠢᠭᠡᠳ ᠦᠢᠯᠡᠴᠢᠯᠡᠬᠡᠨ ᠤ | ᠳᠠᠪᠬᠤᠷ ᠬᠥᠳᠡᠯᠭᠡᠭᠦᠷ ᠳᠣᠤᠷ᠎ᠠ᠂ ᠪᠥᠬᠦ ᠪᠠᠯᠭᠠᠰᠤᠨ ᠤ ᠨᠡᠷᠡᠨ ᠬᠤᠸᠠᠷ ᠳᠠᠷᠢᠬᠤ ᠬᠡᠪᠴᠢᠶ᠎ᠡ ᠲᠣᠭᠲᠠᠭᠤᠨ ᠢᠶᠠᠷ ᠥᠷᠭᠡᠳᠴᠦ᠂ ᠰᠢᠨᠵᠢᠯᠡᠬᠦ ᠤᠬᠠᠭᠠᠨᠴᠢ ᠪᠠᠷ ᠳᠠᠷᠢᠬᠤ | ᠮᠡᠷᠭᠡᠵᠢᠯ ᠥᠷᠭᠡᠨ ᠢᠶᠠᠷ ᠬᠡᠷᠡᠭᠯᠡᠭᠳᠡᠵᠦ᠂ ᠮᠠᠰᠢᠨᠴᠢᠯᠠᠭᠰᠠᠨ ᠠᠵᠢᠯ ᠤᠨ ᠪᠦᠷᠬᠦᠴᠡ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ᠂ ᠲᠠᠷᠢᠮᠠᠯ ᠤᠨ ᠴᠢᠬᠢᠯᠡᠬᠦ ᠶᠠᠰᠤ | ᠴᠢᠨᠠᠷ ᠢ ᠪᠦᠲᠦᠮᠵᠢᠲᠡᠶ ᠪᠠᠲᠤᠯᠠᠪᠠ᠃ | ᠲᠠᠷᠠᠭᠠᠴᠢ ᠶᠢᠨ ᠠᠯᠬᠤᠮ ᠳᠤ᠂ ᠪᠠᠶᠠᠨᠬᠤᠰᠢᠭᠤ ᠪᠠᠯᠭᠠᠰᠤ ᠲᠠᠷᠢᠶᠠᠯᠠᠩ ᠤᠨ ᠦᠢᠯᠡᠴᠢᠯᠡᠬᠡᠨ ᠤ ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠵᠦ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠵᠡᠷᠭᠡ ᠲᠠᠢ ᠢᠳᠡᠪᠬᠢᠲᠡᠶ ᠬᠠᠮᠲᠤᠷᠠᠯᠴᠠᠭ᠎ᠠ ᠥᠷᠨᠢᠭᠦᠯᠵᠦ᠂ ᠲᠡᠷᠢᠭᠦᠨ ᠤ ᠲᠠᠷᠢᠮᠠᠯ ᠤᠨ ᠣᠶᠢᠯᠠᠭᠠᠭᠳᠠᠬᠤᠨ ᠪᠠ | ᠮᠡᠷᠭᠡᠵᠢᠯ ᠢ ᠣᠷᠣᠭᠤᠯᠤᠨ ᠠᠪᠴᠢᠷᠠᠵᠤ᠂ ᠥᠨᠳᠥᠷ ᠪᠦᠲᠦᠮᠵᠢᠲᠡᠶ ᠲᠠᠷᠢᠮᠠᠯ ᠤᠨ ᠵᠠᠭᠪᠤᠷ ᠢ ᠳᠡᠯᠭᠡᠷᠡᠭᠦᠯᠵᠦ᠂ ᠲᠠᠷᠢᠶᠠᠴᠢᠨ ᠡᠷᠦᠬᠡ ᠶᠢᠨ ᠨᠡᠷᠡᠨ ᠬᠤᠸᠠᠷ ᠢ ᠰᠠᠶᠢᠨ | ᠳᠠᠷᠢᠵᠤ ᠴᠢᠳᠠᠬᠤ ᠪᠠᠷ ᠪᠠᠷᠠᠬᠤ ᠥᠬᠡᠶ ᠪᠠᠰᠠ ᠰᠠᠶᠢᠨ ᠪᠤᠷᠤᠯᠠᠭᠤᠯᠤᠨ᠂ ᠲᠠᠷᠢᠶᠠᠴᠢᠨ ᠡᠷᠦᠬᠡ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠳᠤ ᠬᠦᠴᠦᠨ | ᠨᠡᠮᠡᠷᠢᠯᠡᠵᠦ᠂ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠬᠥᠭᠵᠢᠭᠰᠡᠨ᠂ ᠬᠥᠳᠡᠭᠡ ᠲᠣᠰᠬᠤᠨ ᠦᠵᠡᠰᠬᠦᠯᠡᠩᠲᠦ ᠰᠠᠶᠢᠬᠠᠨ᠂ | ᠲᠠᠷᠢᠶᠠᠴᠢᠳ ᠢ ᠪᠠᠶᠠᠵᠢᠭᠤᠯᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠦᠨᠡᠨ ᠬᠦ ᠪᠡᠶᠡᠯᠡᠭᠦᠯᠦᠨ᠎ᠡ᠃ |