ᠪᠠᠭᠠᠷᠢᠨ ᠪᠠᠷᠠᠭᠤᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠣᠯᠠᠨ ᠠᠷᠭ᠎ᠠ ᠶᠢ ᠵᠡᠷᠭᠡ ᠪᠠᠷ ᠬᠡᠷᠡᠭᠯᠡᠵᠦ᠂ ᠤᠰᠤ ᠠᠷᠪᠢᠯᠠᠬᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠪᠠ
ᠨᠡᠶᠢᠲᠡᠯᠡᠭᠰᠡᠨ ᠴᠠᠭ᠄
2025/6/11
      ᠪᠠᠭᠠᠷᠢᠨ ᠪᠠᠷᠠᠭᠤᠨ ᠬᠤᠰᠢᠭᠤ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾᠎ ᠶᠢᠨ ᠪᠠᠶᠢᠷᠢᠯᠠᠭᠤᠯᠤᠯᠲᠠ ᠶᠢ ᠢᠳᠡᠪᠬᠢᠲᠡᠶ ᠳᠠᠭᠠᠵᠤ᠂ ︽ᠤᠰᠤ ᠠᠷᠪᠢᠯᠠᠬᠤ ᠠᠵᠢᠯᠯᠠᠭ᠎ᠠ︾᠎ ᠶᠢ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠠᠬᠢᠭᠤᠯᠬᠤ ᠭᠤᠤᠯ ᠠᠷᠭ᠎ᠠ ᠬᠡᠮᠵᠢᠶ᠎ᠡ ᠪᠣᠯᠭᠠᠪᠠ᠃ ᠣᠶᠢᠷ᠎ᠠ ᠶᠢᠨ ᠬᠤᠭᠤᠴᠠᠭᠠᠨ ᠳᠤ᠂ ᠭᠤᠤᠯᠳᠠᠯᠭ᠎ᠠ ᠲᠠᠢ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠶᠢ ᠬᠢᠨᠠᠨ ᠬᠠᠮᠢᠶᠠᠷᠬᠤ᠂ ᠡᠩ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ ᠭᠤᠷᠪᠠᠨ ᠶᠡᠭᠡ ᠬᠦᠷᠢᠶ᠎ᠡ ᠴᠠᠷᠠᠭ᠎ᠠ ᠳᠤ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠪᠠᠷ ᠳᠠᠮᠵᠢᠭᠤᠯᠤᠨ᠂ ᠤᠰᠤ ᠠᠷᠪᠢᠯᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃     ᠨᠢᠭᠡ ᠳᠤ ᠭᠤᠤᠯᠳᠠᠯᠭ᠎ᠠ ᠲᠠᠢ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠢᠶᠠᠷ ᠪᠥᠬᠦ ᠶᠠᠪᠤᠴᠠ ᠶᠢᠨ ᠦᠢᠯᠡᠴᠢᠯᠡᠭᠡᠨ ᠤ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ ᠃ ᠭᠤᠤᠯᠳᠠᠯᠭ᠎ᠠ ᠲᠠᠢ ᠲᠥᠷᠥᠯ ᠵᠦᠢᠯ ᠤᠨ ᠦᠢᠯᠡᠴᠢᠯᠡᠭᠡᠨ ᠤ ᠡᠬᠡ ᠲᠠᠩᠰᠠ ᠶᠢ ᠪᠠᠶᠢᠭᠤᠯᠵᠤ᠂ ︽ᠨᠢᠭᠡ ᠳᠤ ᠨᠢᠭᠡ︾᠎ ᠶᠢᠨ ᠨᠠᠷᠢᠯᠢᠭ ᠣᠨᠣᠴᠠᠲᠠᠶ ᠪᠠᠷ ᠦᠢᠯᠡᠴᠢᠯᠡᠬᠦ ᠲᠣᠭᠲᠠᠴᠠ ᠶᠢ ᠬᠡᠷᠡᠭᠵᠢᠭᠦᠯᠦᠨ᠎ᠡ᠄ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ ᠵᠢᠯᠣᠭᠤᠳᠬᠤ᠂ ᠭᠤᠶᠤᠴᠢᠯᠠᠬᠤ ᠮᠠᠲ᠋ᠧᠷᠢᠶᠠᠯ ᠢ ᠬᠢᠨᠠᠨ ᠵᠥᠪᠰᠢᠶᠡᠷᠡᠬᠦ ᠴᠤᠪᠤᠷᠠᠯ ᠢ ᠮᠥᠷᠳᠡᠬᠦ ᠬᠦᠷᠲᠡᠯ᠎ᠡ᠂ ᠪᠥᠬᠦ ᠬᠡᠯᠬᠢᠶ᠎ᠡ ᠨᠢ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠥᠭᠪᠡ᠃ ᠡᠭᠦᠨ ᠤ ᠬᠠᠮᠲᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠨ᠂ ᠭᠦᠢᠴᠡᠳᠭᠡᠬᠦ ᠴᠠᠭ ᠤᠨ ᠬᠢᠵᠠᠭᠠᠷ ᠢ ᠪᠠᠭᠠᠰᠬᠠᠵᠤ᠂ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ ᠲᠠᠪᠴᠠᠩ ᠳᠤ ᠲᠦᠰᠢᠭᠯᠡᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠎ ᠶᠢ ᠪᠡᠶᠡᠯᠡᠭᠦᠯᠦᠨ᠎ᠡ᠃ ᠣᠳᠣᠬᠠᠨ ᠳᠤ᠂ 4 ᠭᠤᠤᠯᠳᠠᠯᠭ᠎ᠠ ᠲᠠᠢ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠤᠨ ᠭᠠᠷᠳᠠᠮ ᠢ ᠨᠢᠭᠡᠨᠲᠡ ᠳᠠᠭᠤᠰᠬᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠ ᠠᠵᠤ ᠠᠬᠤᠶ ᠶᠢᠨ ᠬᠥᠭᠵᠢᠯᠲᠡ ᠳᠤ ᠪᠠᠲᠤ ᠴᠢᠩᠭ᠎ᠠ ᠤᠰᠤᠨ ᠤ ᠬᠦᠴᠦᠨ ᠵᠦᠢᠯ ᠤᠨ ᠪᠠᠲᠤᠯᠠᠭ᠎ᠠ ᠬᠠᠩᠭᠠᠪᠠ᠃     ᠬᠤᠶᠠᠷ ᠲᠤ ᠠᠵᠤ ᠦᠢᠯᠡᠳᠪᠦᠷᠢ ᠶᠢᠨ ᠤᠰᠤ ᠬᠡᠷᠡᠭᠯᠡᠬᠦ ᠬᠢᠨᠠᠯᠲᠠ ᠬᠠᠮᠢᠶᠠᠷᠤᠯᠲᠠ ᠪᠠᠷ ᠤᠰᠤ ᠠᠷᠪᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠩᠭ᠎ᠠ ᠪᠠᠶᠢᠴᠠᠭᠠᠨ᠎ᠠ ᠃ ᠠᠵᠤ ᠦᠢᠯᠡᠳᠪᠦᠷᠢ ᠶᠢᠨ ᠤᠰᠤ ᠬᠡᠷᠡᠭᠯᠡᠬᠦ ᠬᠢᠨᠠᠯᠲᠠ ᠬᠠᠮᠢᠶᠠᠷᠤᠯᠲᠠ ᠶᠢᠨ ᠭᠤᠤᠯᠳᠠᠯᠭ᠎ᠠ ᠳᠤ ᠴᠢᠭᠯᠡᠭᠦᠯᠦᠨ᠂ ︽ᠳᠥᠷᠪᠡᠨ ᠥᠬᠡᠶ ᠬᠤᠶᠠᠷ ᠰᠢᠭᠤᠳ︾ ᠪᠠᠶᠢᠴᠠᠭᠠᠯᠲᠠ᠂ ᠰᠠᠯᠠᠭ᠎ᠠ ᠮᠥᠴᠢᠷ ᠠᠯᠤᠰᠯᠠᠨ ᠬᠠᠤᠯᠢ ᠬᠡᠷᠡᠭᠵᠢᠭᠦᠯᠬᠦ ᠵᠡᠷᠭᠡ ᠠᠷᠭ᠎ᠠ ᠮᠠᠶ᠋ᠢᠭ ᠢ ᠠᠪᠴᠤ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠪᠥᠬᠦ ᠲᠠᠯ᠎ᠠ ᠪᠠᠷ ᠤᠰᠤ ᠠᠪᠴᠤ ᠬᠡᠷᠡᠭᠯᠡᠬᠦ ᠪᠠᠶᠢᠴᠠᠭᠠᠯᠲᠠ ᠥᠷᠨᠢᠭᠦᠯᠵᠦ᠂ ᠬᠡᠮᠵᠢᠯᠲᠡ ᠶᠢᠨ ᠲᠦᠬᠦᠬᠡᠷᠦᠮᠵᠢ ᠶᠢᠨ ᠠᠵᠢᠯᠯᠠᠭᠠᠨ᠂ ᠤᠰᠤ ᠬᠡᠷᠡᠭᠯᠡᠬᠦ ᠲᠥᠯᠥᠪᠯᠡᠭᠡ ᠶᠢ ᠬᠡᠷᠡᠭᠵᠢᠭᠦᠯᠬᠦ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠬᠠᠮᠤᠷᠪᠠ᠃ ᠪᠠᠶᠢᠴᠠᠭᠠᠯᠲᠠ ᠶᠢᠨ ᠳᠤᠮᠳᠠ ᠲᠤᠬᠠᠶ ᠶᠢᠨ ᠲᠠᠯᠠᠪᠤᠷ ᠲᠤ 30 ᠭᠠᠷᠤᠶ ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠠᠵᠤ ᠠᠬᠤᠶᠢᠯᠠᠯ ᠤᠨ ᠤᠰᠤ ᠠᠷᠪᠢᠯᠠᠬᠤ ᠣᠷᠣᠭᠤᠯᠤᠯᠲᠠ ᠪᠠᠨ ᠨᠡᠮᠡᠭᠳᠡᠭᠦᠯᠦᠨ᠂ ᠦᠢᠯᠡᠳᠪᠦᠷᠢᠯᠡᠯ ᠤᠨ ᠤᠷ᠎ᠠ ᠮᠡᠷᠭᠡᠵᠢᠯ ᠢᠶᠠᠨ ᠰᠠᠶᠢᠵᠢᠷᠠᠭᠤᠯᠬᠤ ᠶᠢ ᠭᠡᠳᠡᠷᠭᠦ ᠰᠢᠬᠠᠮᠳᠠᠭᠤᠯᠵᠤ᠂ ᠤᠰᠤᠨ ᠤ ᠡᠬᠢ ᠪᠠᠶᠠᠯᠢᠭ ᠤᠨ ᠡᠷᠭᠢᠯᠳᠦᠭᠦᠯᠦᠨ ᠠᠰᠢᠭᠯᠠᠬᠤ ᠨᠣᠷᠮ᠎ᠠ ᠶᠢ ᠢᠯᠡᠳᠲᠡ ᠳᠡᠭᠡᠭᠰᠢᠯᠡᠭᠦᠯᠪᠡ᠃     ᠭᠤᠷᠪᠠ ᠳᠤ ᠬᠡᠪ ᠤᠨ ᠪᠤᠰᠤ ᠤᠰᠤᠨ ᠤ ᠡᠬᠢ ᠰᠤᠷᠪᠤᠯᠵᠢ ᠶᠢ ᠠᠰᠢᠭᠯᠠᠬᠤ ᠪᠠᠷ ᠣᠯᠠᠨ ᠠᠷᠭ᠎ᠠ ᠬᠡᠮᠵᠢᠶ᠎ᠡ ᠠᠪᠴᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠰᠢᠢᠳᠪᠦᠷᠢᠯᠡᠨ᠎ᠡ᠃ ᠭᠠᠵᠠᠷ ᠳᠣᠣᠷᠠᠬᠢ ᠤᠰᠤ ᠶᠢ ᠬᠢᠨᠠᠨ ᠵᠥᠪᠰᠢᠶᠡᠷᠡᠬᠦ ᠶᠢ ᠴᠢᠩᠭ᠎ᠠ ᠡᠵᠡᠮᠳᠡᠭᠰᠡᠨ ᠠᠬᠤᠶ ᠪᠠᠶᠢᠳᠠᠯ ᠳᠣᠤᠷ᠎ᠠ᠂  ᠯᠢᠩ ᠱᠦᠢ ᠱᠠᠩ ᠲᠦᠩ ᠵᠡᠷᠭᠡ ᠤᠰᠤ ᠬᠡᠷᠡᠭᠯᠡᠬᠦ ᠡᠷᠦᠬᠡ ᠪᠤᠯᠤᠨ ᠬᠤᠤ ᠽᠧ ᠪᠣᠬᠢᠷ ᠤᠰᠤ ᠰᠢᠢᠳᠪᠦᠷᠢᠯᠡᠬᠦ ᠲᠠᠯᠠᠪᠠᠶ ᠯᠤᠭ᠎ᠠ ᠳᠤᠮᠳᠠ ᠤᠰᠤᠨ ᠤ ᠤᠰᠤ ᠬᠠᠩᠭᠠᠬᠤ ᠬᠡᠯᠡᠯᠴᠡᠭᠡᠷ ᠲᠣᠭᠲᠠᠬᠤ ᠶᠢ ᠠᠬᠢᠭᠤᠯᠵᠤ᠂ ᠠᠵᠤ ᠦᠢᠯᠡᠳᠪᠦᠷᠢ ᠳᠤ ᠬᠡᠷᠡᠭᠯᠡᠬᠦ ᠤᠰᠤ ᠶᠢ ︽ᠭᠠᠵᠠᠷ ᠳᠣᠤᠷᠠᠬᠢ ᠤᠰᠤ ᠲᠠᠲᠠᠬᠤ ᠬᠡᠮᠵᠢᠶ᠎ᠡ ᠶᠢ ᠨᠡᠮᠡᠭᠳᠡᠭᠦᠯᠬᠦ ᠥᠬᠡᠶ᠂ ᠡᠩ ᠤᠨ ᠪᠤᠰᠤ ᠤᠰᠤᠨ ᠠᠰᠢᠭᠯᠠᠯᠲᠠ ᠶᠢᠨ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠬᠦ︾ ᠬᠤᠤᠰ ᠠᠮᠵᠢᠯᠲᠠ ᠶᠢ ᠪᠡᠶᠡᠯᠡᠭᠦᠯᠦᠨ᠎ᠡ᠃ ᠡᠭᠦᠨ ᠤ ᠬᠠᠮᠲᠤ ᠠᠭᠤᠷᠬᠠᠶ ᠶᠢᠨ ᠰᠡᠶᠢᠷᠡᠭ ᠬᠠᠭᠤᠷᠠᠶ ᠤᠰᠤᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠸᠠᠨ ᠯᠢᠶᠠᠨ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ 2024 ᠣᠨ ᠳᠤ ᠨᠡᠭᠦᠷᠡᠰᠦᠨ ᠳᠠᠪᠬᠤᠷᠭ᠎ᠠ ᠶᠢᠨ ᠤᠰᠤ ᠶᠢ ᠪᠦᠬᠦᠨ ᠢ ᠡᠭᠡᠭᠦᠯᠦᠨ ᠬᠡᠷᠡᠭᠯᠡᠬᠦ ᠶᠢ ᠪᠡᠶᠡᠯᠡᠭᠦᠯᠪᠡ︔ ᠬᠡᠮᠵᠢᠯᠲᠡ ᠶᠢᠨ  ᠲᠦᠬᠦᠬᠡᠷᠦᠮᠵᠢ ᠶᠢ ᠰᠤᠭᠤᠴᠢᠨ ᠪᠠᠶᠢᠴᠠᠭᠠᠬᠤ ᠪᠠ ᠲᠣᠭᠠᠴᠢᠯᠠᠭᠰᠠᠨ ᠬᠢᠨᠠᠨ ᠬᠡᠮᠵᠢᠬᠦ ᠠᠷᠭ᠎ᠠ ᠪᠠᠷᠢᠯ ᠢ ᠤᠶᠠᠯᠳᠤᠭᠤᠯᠬᠤ ᠪᠠᠷ ᠳᠠᠮᠵᠢᠭᠤᠯᠤᠨ᠂ ᠡᠩ ᠤᠨ ᠪᠤᠰᠤ ᠤᠰᠤᠨ ᠰᠤᠷᠪᠤᠯᠵᠢ ᠶᠢ ᠠᠰᠢᠭᠯᠠᠵᠤ ᠬᠢᠨᠠᠨ ᠬᠡᠮᠵᠢᠬᠦ ᠪᠢᠲᠡᠭᠦᠦ ᠴᠠᠭᠠᠷᠢᠭ ᠤᠨ ᠰᠢᠰᠲ᠋ᠧᠮ ᠢ ᠪᠠᠶᠢᠭᠤᠯᠤᠨ᠎ᠠ᠃    ᠲᠠᠷᠠᠭᠠᠴᠢ ᠶᠢᠨ ᠠᠯᠬᠤᠮ ᠳᠤ᠂ ᠪᠠᠭᠠᠷᠢᠨ ᠪᠠᠷᠠᠭᠤᠨ ᠬᠤᠰᠢᠭᠤ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠪᠠᠷ ᠪᠠᠲᠤᠯᠠᠭ᠎ᠠ ᠪᠣᠯᠭᠠᠵᠤ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠬᠢᠨᠠᠯᠲᠠ ᠬᠠᠮᠢᠶᠠᠷᠤᠯᠲᠠ ᠪᠠᠷ ᠭᠠᠷᠳᠠᠴᠠ ᠪᠣᠯᠭᠠᠵᠤ᠂ ᠡᠩ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ ᠪᠠᠷ ᠰᠢᠪᠲᠤᠯᠤᠯᠲᠠ ᠪᠣᠯᠭᠠᠵᠤ᠂ ᠤᠰᠤ ᠠᠷᠪᠢᠯᠠᠬᠤ ᠠᠵᠢᠯᠯᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠰᠠᠭᠤᠷᠢ ᠶᠢ ᠪᠠᠬᠢᠵᠢᠭᠦᠯᠦᠨ᠎ᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ