ᠪᠠᠭᠠᠷᠢᠨ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ︽ᠵᠣᠭᠤᠰᠣᠨ  ᠪᠤᠭᠴᠤ︾᠎ ᠶᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2025/6/11
     ᠣᠯᠠᠨ ᠲᠦᠮᠡᠨ ᠤ ᠮᠡᠬᠡᠯᠡᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠪᠠᠭᠠᠷᠢᠨ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠪᠬᠢᠲᠡᠶ ᠬᠥᠳᠡᠯᠦᠯᠴᠡᠵᠦ᠂ ᠮᠡᠬᠡᠯᠡᠯ ᠢ ᠡᠰᠡᠷᠭᠦᠴᠡᠬᠦ ᠠᠯᠢ ᠣᠯᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ ᠮᠡᠬᠡᠯᠡᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠣᠯᠠᠨ ᠤ ︽ᠵᠣᠭᠤᠰᠣᠨ ᠪᠤᠭᠴᠤ︾᠎ ᠶᠢ ᠰᠠᠶᠢᠲᠤᠷ ᠰᠠᠬᠢᠨ ᠬᠠᠮᠠᠭᠠᠯᠠᠵᠤ ᠪᠠᠶᠢᠨ᠎ᠠ᠃     ᠣᠯᠠᠨ ᠠᠷᠭ᠎ᠠ ᠵᠠᠮ ᠪᠥᠬᠦ ᠲᠠᠯ᠎ᠠ ᠪᠠᠷ ᠤᠬᠠᠭᠤᠯᠵᠤ᠂ ᠮᠡᠬᠡᠯᠡᠯ ᠢ ᠡᠰᠡᠷᠭᠦᠴᠡᠬᠦ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠠᠵᠤ ᠠᠬᠤᠶᠢᠯᠠᠯ ᠵᠡᠷᠭᠡ ᠭᠠᠵᠠᠷ ᠲᠤ ᠬᠦᠷᠴᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠬᠠᠭᠤᠳᠠᠰᠤ ᠪᠠᠷ ᠬᠦᠦ ᠮᠥᠩᠭᠦ ᠶᠢ ᠪᠤᠴᠠᠭᠠᠬᠤ᠂ ᠡᠯᠧᠺᠲᠷᠤᠨ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠬᠡᠷᠡᠭᠯᠡᠭᠴᠢᠳ ᠤ ᠦᠢᠯᠡᠴᠢᠯᠡᠭᠡ᠂ ᠰᠦᠯᠵᠢᠶᠡᠨ ᠤ ᠵᠢᠭᠡᠯᠡᠯᠭᠡ᠂ ︽  ᠱᠠ ᠵᠦ ᠫᠡᠨ︾ ᠵᠡᠷᠭᠡ ᠪᠠᠶᠢᠩᠭᠤ ᠲᠣᠬᠢᠶᠠᠯᠳᠤᠳᠠᠭ ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠤᠨ ᠲᠥᠷᠥᠯ ᠬᠡᠯᠪᠡᠷᠢ ᠶᠢᠨ ᠬᠡᠷᠡᠭ ᠬᠢᠬᠦ ᠠᠷᠭ᠎ᠠ ᠪᠠ ᠰᠡᠷᠭᠡᠶᠢᠯᠡᠬᠦ ᠤᠷ᠎ᠠ ᠮᠡᠷᠭᠡᠵᠢᠯ ᠢ ᠲᠦᠭᠡᠮᠡᠯᠵᠢᠭᠦᠯᠦᠨ᠎ᠡ᠃ ᠨᠡᠶᠢᠲᠡᠯᠢᠭ ᠮᠡᠬᠡᠯᠡᠯ ᠤᠨ ᠬᠡᠷᠡᠭ ᠤᠨ ᠵᠢᠱᠢᠶ᠎ᠡ ᠪᠠ ᠮᠠᠨ ᠤ ᠳᠡᠷᠭᠡᠳᠡ ᠡᠭᠦᠰᠦᠭᠰᠡᠨ ᠦᠨᠡᠨ ᠪᠣᠳᠠᠲᠠᠶ ᠬᠡᠷᠡᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠮᠡᠬᠡᠯᠡᠯ ᠤᠨ ᠬᠤᠤᠷ ᠬᠥᠨᠥᠭᠡᠯ ᠢ ᠭᠦᠨᠵᠡᠭᠡᠶ ᠲᠠᠨᠢᠭᠤᠯᠪᠠ᠃ ᠰᠦᠯᠵᠢᠶᠡᠨ ᠭᠠᠳᠠᠨ᠎ᠠ ᠤᠬᠠᠭᠤᠯᠬᠤ ᠶᠢᠨ ᠬᠠᠮᠲᠤ᠂ ᠰᠦᠯᠵᠢᠶᠡᠨ ᠳᠡᠭᠡᠷᠡᠬᠢ ᠠᠷᠭ᠎ᠠ ᠵᠠᠮ ᠢ ᠭᠦᠢᠴᠡᠳ ᠠᠰᠢᠭᠯᠠᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠬᠢᠨ᠎ᠠ᠃ ᠸᠢᠴᠠᠲ ᠤᠨ ᠨᠡᠶᠢᠲᠡ ᠶᠢᠨ ᠳ᠋ᠤᠭᠠᠷ ᠤᠨ ᠲᠠᠪᠴᠠᠩ ᠢᠶᠠᠷ ᠳᠠᠮᠵᠢᠭᠤᠯᠤᠨ᠂ ᠮᠡᠬᠡᠯᠡᠯ ᠢ ᠡᠰᠡᠷᠭᠦᠴᠡᠬᠦ ᠮᠡᠳᠡᠯᠭᠡ᠂ ᠬᠡᠷᠡᠭ ᠤᠨ ᠵᠢᠱᠢᠶ᠎ᠡ ᠶᠢ ᠵᠠᠳᠠᠯᠬᠤ ᠪᠠ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠵᠢᠷᠤᠭ ᠪᠢᠴᠢᠭ ᠢ ᠬᠤᠣᠰᠯᠠᠭᠤᠯᠬᠤ᠂ ᠣᠬᠤᠷ ᠸᠢᠳᠢᠣ᠋ ᠵᠡᠷᠭᠡ ᠬᠡᠯᠪᠡᠷᠢ ᠪᠠᠷ ᠣᠯᠠᠨ ᠲᠦᠮᠡᠨ ᠵᠢᠴᠢ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠠᠩᠬᠠᠷᠤᠯ ᠢ ᠲᠠᠲᠠᠵᠤ᠂ ᠣᠯᠠᠨ ᠲᠦᠮᠡᠨ ᠪᠠ ᠡᠵᠡᠩᠨᠡᠯᠲᠡ ᠶᠢᠨ ᠥᠮᠴᠢᠲᠡᠨ ᠤ ᠢᠳᠡᠪᠬᠢᠲᠡᠶ ᠪᠠᠷ ᠳᠠᠮᠵᠢᠭᠤᠯᠤᠨ ᠲᠠᠷᠬᠠᠭᠠᠵᠤ ᠬᠤᠪᠢᠶᠠᠯᠴᠠᠬᠤ ᠶᠢ ᠵᠣᠷᠢᠭᠵᠢᠭᠤᠯᠵᠤ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠤ᠂ ᠪᠥᠬᠦ ᠠᠷᠠᠳ ᠢᠶᠠᠷ ᠢᠶᠠᠨ ᠮᠡᠬᠡᠯᠡᠯ ᠢ ᠡᠰᠡᠷᠭᠦᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃      ᠭᠤᠤᠯᠳᠠᠯᠭ᠎ᠠ ᠲᠠᠢ ᠬᠥᠮᠦᠰ ᠢ ᠪᠠᠶᠢᠷᠢ ᠲᠣᠭᠲᠠᠭᠠᠵᠤ᠂ ᠮᠡᠬᠡᠯᠡᠯ ᠢ ᠡᠰᠡᠷᠭᠦᠴᠡᠬᠦ ᠤᠬᠠᠮᠰᠠᠷ ᠢ ᠣᠨᠣᠪᠴᠢᠲᠠᠶ ᠳᠡᠭᠡᠭᠰᠢᠯᠡᠭᠦᠯᠪᠡ᠃ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠡᠮ ᠤᠨ ᠳᠡᠯᠭᠡᠭᠦᠷ᠂ ᠲᠥᠬᠦᠮ ᠳᠡᠯᠭᠡᠭᠦᠷ ᠵᠡᠷᠭᠡ ᠬᠥᠮᠦᠨ ᠬᠠᠷ᠎ᠠ ᠲᠥᠪᠯᠡᠷᠡᠭᠰᠡᠨ ᠭᠤᠤᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠨ᠂ ᠮᠡᠬᠡᠯᠡᠯ ᠢ ᠰᠡᠷᠭᠡᠶᠢᠯᠡᠬᠦ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠬᠡᠷᠡᠯ ᠵᠢᠷᠤᠭ ᠪᠠ ᠤᠷᠢᠶ᠎ᠠ ᠯᠣᠽᠦ᠋ᠩ ᠨᠠᠭᠠᠵᠤ᠂ ᠡᠯᠧᠺᠲᠷᠤᠨ ᠳᠡᠯᠭᠡᠴᠡ ᠶᠢ ᠠᠰᠢᠭᠯᠠᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠸᠢᠳᠢᠣ᠋ ᠶᠢ ᠦᠷᠭᠦᠯᠵᠢᠯᠡᠨ ᠨᠡᠪᠲᠡᠷᠡᠭᠦᠯᠪᠡ᠃ ᠬᠤᠳᠠᠯᠳᠤᠭᠠᠨ ᠤ ᠳᠡᠯᠭᠡᠭᠦᠷ ᠤᠨ ᠣᠷᠣᠬᠤ ᠡᠭᠦᠳᠡᠨ ᠳᠤ᠂ ᠠᠵᠢᠯᠲᠠᠳ ᠨᠠᠰᠢ ᠴᠠᠰᠢ ᠥᠩᠭᠡᠷᠡᠬᠦ ᠬᠡᠷᠡᠭᠯᠡᠭᠴᠢ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠡᠳᠡᠨ ᠳᠤ ᠪᠠᠷᠠᠭ᠎ᠠ ᠬᠤᠳᠠᠯᠳᠤᠨ ᠠᠪᠬᠤ ᠶᠠᠪᠤᠴᠠ ᠳᠤ ᠮᠡᠬᠡᠯᠡᠬᠦ ᠶᠢ ᠰᠡᠷᠭᠡᠶᠢᠯᠡᠬᠦ ᠶᠢ ᠠᠩᠬᠠᠷᠴᠤ᠂ ᠲᠣᠳᠣᠷᠬᠠᠶ ᠥᠬᠡᠶ ᠬᠤᠶᠠᠷ ᠬᠡᠮᠵᠢᠯᠳᠦ ᠺᠣᠳ᠋ ᠢ ᠳᠤᠷ᠎ᠠ ᠪᠠᠷ ᠢᠶᠠᠨ ᠰᠢᠷᠪᠢᠵᠦ ᠪᠣᠯᠬᠤ ᠥᠬᠡᠶ᠂ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ ᠠᠴᠠ ᠵᠠᠶᠢᠯᠠᠰᠬᠢᠵᠦ᠂ ᠮᠡᠬᠡᠯᠡᠭᠴᠢ ᠡᠲᠡᠭᠡᠳ ᠨᠠᠰᠤᠲᠠᠶᠢᠴᠤᠳ ᠪᠠ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠦᠷᠭᠦᠯᠵᠢ ᠲᠣᠬᠢᠶᠠᠯᠳᠤᠳᠠᠭ ᠮᠡᠬᠡᠯᠡᠯ ᠤᠨ ᠠᠷᠭ᠎ᠠ ᠪᠠᠷᠢᠯ ᠳᠤ ᠴᠢᠭᠯᠡᠭᠦᠯᠦᠨ᠂ ᠵᠢᠱᠢᠶᠡᠯᠡᠪᠡᠯ ︽ᠡᠷᠡᠭᠦᠯᠵᠢᠯ ᠤᠨ ᠡᠳ᠋︾ ︽ᠣᠨᠴᠠ ᠪᠦᠲᠦᠮᠵᠢᠲᠡᠶ ᠡᠮ︾᠎ ᠢ ᠬᠤᠳᠠᠯᠳᠤᠬᠤ ᠨᠡᠷ᠎ᠡ ᠪᠠᠷ ᠮᠡᠬᠡᠯᠡᠵᠦ᠂ ᠣᠯᠠᠨ ᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ ᠭᠡᠵᠦ ᠰᠠᠨᠠᠭᠤᠯᠪᠠ᠃      ᠲᠠᠷᠠᠭᠠᠴᠢ ᠶᠢᠨ ᠠᠯᠬᠤᠮ ᠳᠤ᠂ ᠪᠠᠭᠠᠷᠢᠨ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠮᠢᠶ᠎ᠠ ᠪᠥᠬᠦᠶ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠲᠦᠮᠡᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠲᠤᠬᠠᠶ ᠲᠠᠨᠢᠯᠲᠠ ᠶᠢᠨ ᠬᠡᠮᠵᠢᠶ᠎ᠡ ᠪᠠ ᠰᠡᠷᠭᠡᠶᠢᠯᠡᠬᠦ ᠤᠬᠠᠮᠰᠠᠷ ᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠵᠦ᠂ ᠨᠠᠩ ᠣᠯᠠᠨ ᠬᠥᠮᠦᠰ ᠢ ᠮᠡᠬᠡᠯᠡᠯ ᠢ ᠡᠰᠡᠷᠭᠦᠴᠡᠬᠦ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠠᠩᠬᠠᠷᠴᠤ᠂ ᠪᠥᠬᠦ ᠠᠷᠠᠳ ᠤᠨ ᠮᠡᠬᠡᠯᠡᠯ ᠢ ᠡᠰᠡᠷᠭᠦᠴᠡᠬᠦ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠬᠤ ᠪᠣᠯᠤᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ