ᠪᠠᠭᠠᠷᠢᠨ ᠪᠠᠷᠠᠭᠤᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/12
      6 ᠰᠠᠷ᠎ᠠ ᠶᠢᠨ 10᠎ ᠤ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠬᠠᠰᠲᠤᠭᠲᠠᠬᠤ ᠬᠤᠷᠠᠯ ᠢ ᠡᠷᠭᠢᠯᠡᠵᠦ᠂ ᠳᠡᠳ᠋ ᠡᠷᠬᠢᠯᠡᠭᠴᠢ ᠵᠠᠩ ᠰᠢᠤᠸᠠᠢ ᠯᠸᠢ᠂ ᠮᠦᠩᠬᠡᠨ᠋ᠦ᠋ᠯᠵᠡᠢ᠂ ᠸᠠᠩ ᠶᠠᠨ ᠰᠢᠶᠠ᠂ ᠮᠥᠷᠡᠨ ᠵᠢᠴᠢ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠨᠡᠶᠢᠲᠡ 28 ᠬᠥᠮᠦᠨ ᠬᠤᠷᠠᠯ ᠳᠤ ᠰᠠᠭᠠᠲᠠᠵᠠᠢ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠢᠦᠶ ᠰᠢᠶᠤᠤ ᠬᠤ᠋᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠴᠢᠤᠸᠠᠨ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠵᠧᠤ ᠯᠸᠢ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠵᠢᠴᠢ ᠠᠷᠠᠳ ᠢᠷᠭᠡᠨ ᠬᠤᠷᠠᠯ ᠳᠤ ᠰᠤᠯᠠ ᠣᠷᠣᠯᠴᠠᠵᠠᠶ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠦᠳᠦᠯᠥᠨ ᠲᠠᠭᠠᠭᠤᠯᠤᠨ᠎ᠠ︾᠎ ᠶᠢ ᠤᠯᠠᠮᠵᠢᠯᠠᠨ ᠰᠤᠷᠤᠯᠴᠠᠪᠠ︔ ᠬᠤᠰᠢᠭᠤ ᠠᠷᠠᠳ ᠤᠨ ᠵᠠᠰᠠᠭ ᠤᠨ ᠣᠷᠳᠣᠨ ᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠥᠲᠥᠭᠡᠨ ᠪᠠᠶᠢᠭᠤᠯᠬᠤ ᠠᠬᠢᠭᠤᠯᠬᠤ ᠲᠦᠷᠢᠮ﹀᠎ ᠢ ᠲᠣᠣᠱᠯᠠᠭᠤᠯᠣᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾᠂ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ﹀᠎ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠶ ᠮᠡᠳᠡᠭᠦᠯᠦᠯᠲᠡ︾᠎ ᠶᠢ ᠬᠢᠨᠠᠨ ᠵᠥᠪᠯᠡᠭᠰᠡᠨ ᠰᠠᠨᠠᠯ ᠤᠨ ᠪᠠᠶᠢᠳᠠᠯ ᠤᠨ ᠲᠤᠬᠠᠶ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠨᠤᠮᠵᠢ ᠶᠢᠨ ᠬᠡᠮᠵᠢᠶ᠎ᠡ ᠶᠢ ᠬᠡᠮᠵᠢᠨ ᠦᠨᠡᠯᠡᠪᠡ︔ ᠪᠦᠬᠦ ᠬᠤᠰᠢᠭᠤᠨ ᠤ ᠵᠠᠰᠠᠭ  ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ᠂ ᠡᠮ ᠡᠮᠨᠡᠯᠭᠡ ᠶᠢᠨ ᠳᠠᠭᠠᠳᠬᠠᠯ ᠤᠨ ᠲᠥᠷᠦ ᠶᠢᠨ ᠪᠣᠳᠣᠯᠭ᠎ᠠ ᠶᠢ ᠪᠦᠬᠦ ᠬᠤᠰᠢᠭᠤᠨ ᠤ ᠬᠢᠲᠠᠳ ᠮᠣᠩᠭᠤᠯ ᠡᠮ ᠡᠮᠨᠡᠯᠭᠡ ᠶᠢᠨ ᠬᠦᠷᠢᠶᠡᠨ ᠳᠤ ᠬᠡᠷᠡᠭᠵᠢᠭᠦᠯᠬᠦ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠰᠢᠢᠳᠪᠦᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠲᠤᠰᠬᠠᠢ ᠲᠥᠷᠥᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ ︽ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠬᠢᠨᠠᠨ ᠵᠥᠪᠯᠡᠬᠦ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠬᠦ ᠲᠤᠬᠠᠶ ᠠᠷᠭ᠎ᠠ ︵ᠲᠥᠰᠦᠯ︶︾᠎ ᠶᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠠᠵᠢᠯᠳᠠᠨ ᠤ ᠶᠠᠪᠤᠳᠠᠯ ᠤᠨ ᠲᠣᠮᠢᠯᠠᠵᠤ ᠪᠠᠭᠤᠯᠭᠠᠬᠤ ᠰᠠᠨᠠᠯ ᠵᠥᠪᠯᠡᠯᠭᠡ ᠶᠢ ᠪᠠᠲᠤᠯᠠᠵᠤ᠂ ᠳ᠋ᠧᠩ ᠪᠢᠨ ᠨᠥᠬᠦᠷ ᠢ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠭᠴᠢ᠂ ᠪᠠᠶᠢᠴᠠᠭᠠᠬᠤ ᠵᠥᠪᠯᠡᠯ ᠤᠨ ᠭᠡᠰᠢᠭᠦᠨ᠂ ᠳᠡᠳ᠋ ᠪᠠᠶᠢᠴᠠᠭᠠᠬᠤ ᠳᠠᠷᠤᠭ᠎ᠠ ᠪᠠᠷ ᠲᠣᠮᠢᠯᠠᠪᠠ᠃ ᠬᠤᠷᠠᠯ ᠠᠴᠠ ᠯᠢᠦ ᠰᠢᠶᠠᠩ ᠴᠢᠶᠠᠨ ᠨᠥᠬᠦᠷ ᠤᠨ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ  ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠠᠶᠢᠴᠠᠭᠠᠬᠤ ᠵᠥᠪᠯᠡᠯ ᠤᠨ ᠭᠡᠰᠢᠭᠦᠨ᠂ ᠪᠠᠶᠢᠴᠠᠭᠠᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠬᠤ ᠪᠠᠷ ᠲᠣᠭᠲᠠᠪᠠ︔ ᠳ᠋ᠧᠩ ᠪᠢᠨ ᠨᠥᠬᠦᠷ ᠢᠶᠠᠷ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠶᠢ ᠣᠷᠣᠯᠠᠭᠤᠯᠬᠤ ᠪᠠᠷ ᠲᠣᠭᠲᠠᠪᠠ᠃ ᠬᠠᠰᠲᠤᠭᠲᠠᠬᠤ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ