ᠵᠠᠩ ᠱᠸᠤ ᠬᠠᠶ ᠪᠠᠭᠠᠷᠢᠨ ᠪᠠᠷᠠᠭᠤᠨ ᠬᠤᠰᠢᠭᠤᠨ ᠳᠤ  ᠢᠷᠡᠵᠦ ᠳᠠᠭᠠᠭᠠᠴᠢᠯᠠᠨ ᠬᠠᠷᠢᠯᠴᠠᠬᠤ ᠭᠠᠵᠠᠷ ᠣᠷᠣᠨ ᠤ ᠭᠤᠤᠯᠳᠠᠯᠭ᠎ᠠ ᠲᠠᠢ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/6/12
      6 ᠰᠠᠷ᠎ᠠ ᠶᠢᠨ 11᠎ ᠤ ᠡᠳᠦᠷ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ ᠱᠸᠤ ᠬᠠᠶ ᠪᠠᠭᠠᠷᠢᠨ ᠪᠠᠷᠠᠭᠤᠨ ᠬᠤᠰᠢᠭᠤᠨ ᠤ ᠳᠠᠭᠠᠭᠠᠴᠢᠯᠠᠨ ᠬᠠᠷᠢᠯᠴᠠᠬᠤ ᠭᠠᠵᠠᠷ ᠣᠷᠣᠨ ᠳᠤ ᠢᠷᠡᠵᠦ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ᠂ ᠠᠵᠤ ᠠᠬᠤᠶ ᠶᠢᠨ ᠠᠵᠢᠯᠯᠠᠭᠠᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠣᠶ ᠰᠢᠭᠤᠶ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ ᠠᠶᠤᠯᠭᠦᠶ ᠦᠢᠯᠡᠳᠪᠦᠷᠢᠯᠡᠯ ᠵᠡᠷᠭᠡ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠬᠤ ᠶᠢᠨ ᠬᠠᠮᠲᠤ ᠬᠠᠮᠢᠶ᠎ᠠ ᠪᠥᠬᠦᠶ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠩ ᠶᠠ ᠵᠢᠶᠦ᠋ᠨ ᠪᠠᠷ᠎ᠠ ᠪᠣᠯᠪᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ