ᠳ᠋ᠠᠪᠠᠨ ᠪᠠᠯᠭᠠᠰᠤ ᠮᠢᠬᠠᠨ ᠬᠤᠨᠢᠨ ᠤ ᠠᠵᠤ ᠦᠢᠯᠡᠰ ᠤᠨ ᠲᠤᠰᠬᠠᠶ ᠲᠣᠰᠬᠤᠨ ᠢ ᠠᠬᠢᠭᠤᠯᠬᠤ ᠵᠢᠴᠢ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/12
      ᠪᠦᠬᠦ ᠪᠠᠯᠭᠠᠰᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 10᠎ ᠤ ᠡᠳᠦᠷ᠂ ᠳ᠋ᠠᠪᠠᠨ ᠪᠠᠯᠭᠠᠰᠤ ᠮᠢᠬᠠᠨ ᠬᠤᠨᠢᠨ ᠤ ᠠᠵᠤ ᠦᠢᠯᠡᠰ ᠤᠨ ᠲᠤᠰᠬᠠᠢ ᠲᠣᠰᠬᠤᠨ ᠢ ᠠᠬᠢᠭᠤᠯᠬᠤ ᠵᠢᠴᠢ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠰᠮᠦ᠋ᠷᠡᠨ ᠰᠠᠭᠠᠲᠠᠪᠠ᠃ ᠪᠦᠬᠦ ᠪᠠᠯᠭᠠᠰᠤᠨ ᠤ ᠮᠢᠬᠠᠨ ᠬᠤᠨᠢᠨ ᠤ ᠠᠵᠤ ᠦᠢᠯᠡᠰ ᠤᠨ ᠭᠤᠣᠯᠳᠠᠯᠭ᠎ᠠ ᠲᠠᠢ ᠲᠣᠰᠬᠤᠨ ᠤ ᠲᠡᠵᠢᠭᠡᠨ ᠦᠷᠡᠵᠢᠭᠦᠯᠬᠦ ᠲᠤᠮᠤ ᠡᠷᠦᠬᠡ᠂ ᠮᠠᠯ ᠠᠵᠤ ᠠᠬᠤᠢ ᠶᠢᠨ ᠠᠵᠢᠯᠲᠠᠳ ᠣᠷᠣᠯᠴᠠᠪᠠ᠃      ᠪᠣᠯᠪᠠᠰᠤᠷᠠᠯ ᠳᠤᠮᠳᠠ᠂ ᠪᠥᠬᠦ ᠠᠵᠢᠯᠲᠠᠳ ᠤᠯᠠᠭᠠᠨᠬᠠᠳᠠ ᠬᠤᠲᠠ ᠶᠢᠨ ᠢ ᠳ᠋ᠧ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠬᠦᠪᠦᠷᠡᠯ ᠰᠢᠯᠵᠢᠭᠦᠯᠦᠨ ᠪᠤᠶᠢᠵᠢᠭᠤᠯᠬᠤ ᠲᠥᠷᠥᠯ ᠵᠦᠢᠯ ᠢ ᠠᠬᠢᠭᠤᠯᠤᠭᠰᠠᠨ ᠪᠠᠶᠢᠳᠠᠯ᠂ ᠳ᠋ᠦ᠋ ᠮᠧᠩ ᠡᠮ᠎ᠡ ᠬᠤᠨᠢ ᠲᠡᠵᠢᠭᠡᠨ ᠦᠷᠡᠵᠢᠭᠦᠯᠬᠦ ᠬᠠᠮᠢᠶᠠᠷᠤᠯᠲᠠ᠂ ᠲᠥᠯᠯᠡᠬᠦ ᠨᠣᠷᠮ᠎ᠠ ᠂ ᠬᠤᠷᠠᠭ᠎ᠠ ᠶᠢ ᠡᠳᠡᠭᠡᠷᠡᠭᠦᠯᠬᠦ ᠨᠣᠷᠮ᠎ᠠ᠂ ᠡᠭᠦᠯᠳᠡᠷ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠵᠢᠴᠢ ᠲᠡᠵᠢᠭᠡᠨ ᠦᠷᠡᠵᠢᠭᠦᠯᠦᠭᠡᠳ ᠠᠰᠢᠭ ᠭᠥᠷᠳᠡᠬᠦ ᠵᠡᠷᠭᠡ ᠭᠤᠭᠴᠤᠭ᠎ᠠ ᠶᠢ ᠰᠢᠨᠵᠢᠯᠡᠨ ᠰᠤᠷᠤᠯᠴᠠᠵᠤ᠂ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ︽ᠰᠠᠶᠢᠨ ᠡᠭᠦᠯᠳᠡᠷ ᠢ ᠤᠷᠢᠳᠠᠪᠠᠷ ᠬᠡᠷᠡᠭᠵᠢᠭᠦᠯᠬᠦ︾ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠭᠤᠯᠵᠤ᠂ ᠣᠯᠠᠨ ᠢᠶᠠᠷ ᠢᠶᠠᠨ ᠡᠭᠦᠯᠳᠡᠷ ᠢ ᠰᠢᠯᠢᠳᠡᠭᠵᠢᠭᠦᠯᠬᠦ ᠣᠶᠢᠯᠠᠭᠠᠭᠳᠠᠬᠤᠨ ᠢ ᠦᠨᠡᠨ ᠬᠦ ᠦᠢᠯᠡᠳᠪᠦᠷᠢᠯᠡᠯ ᠤᠨ ᠦᠢᠯᠡᠳᠦᠯᠭᠡ ᠪᠣᠯᠭᠠᠨ ᠬᠤᠪᠢᠷᠠᠭᠤᠯᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠤᠷᠢᠶᠠᠯᠠᠪᠠ᠃     ᠲᠡᠵᠢᠭᠡᠨ ᠦᠷᠡᠵᠢᠭᠦᠯᠬᠦ ᠡᠷᠦᠬᠡ ᠥᠪᠡᠷ ᠤᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠭᠦᠯᠳᠡᠷ ᠰᠠᠶᠢᠵᠢᠷᠠᠭᠤᠯᠬᠤ᠂ ᠬᠠᠰᠢᠶᠠᠯᠠᠨ ᠲᠡᠵᠢᠭᠡᠬᠦ  ᠦᠢᠯᠡᠳᠪᠦᠷᠢᠯᠡᠯ᠂ ᠪᠣᠷᠳᠤᠭ᠎ᠠ ᠲᠡᠵᠢᠭᠡᠬᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠶᠢᠨ ᠠᠰᠠᠭᠤᠳᠠᠯ ᠢ ᠭᠦᠨᠵᠡᠭᠡᠶ ᠰᠤᠳᠤᠯᠤᠨ ᠶᠠᠷᠢᠯᠴᠠᠵᠤ᠂ ᠰᠢᠨ᠎ᠡ ᠣᠶᠢᠯᠠᠭᠠᠭᠳᠠᠬᠤᠨ ᠢ ᠰᠤᠷᠤᠯᠴᠠᠬᠤ ᠶᠢᠨ ᠬᠠᠮᠲᠤ ᠦᠢᠯᠡᠳᠪᠦᠷᠢᠯᠡᠯ ᠡᠵᠡᠩᠨᠡᠯᠲᠡ ᠶᠢᠨ ᠰᠡᠳᠬᠢᠴᠡ ᠪᠠᠨ ᠥᠷᠭᠡᠳᠬᠡᠪᠡ᠃      ᠳᠠᠷᠠᠭᠠᠴᠢ ᠶᠢᠨ ᠠᠯᠬᠤᠮ ᠳᠤ᠂ ᠳ᠋ᠠᠪᠠᠨ ᠪᠠᠯᠭᠠᠰᠤ ᠲᠤᠰ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠥᠷᠢᠰᠥᠯᠳᠦᠭᠡᠨ ᠤ ᠳᠠᠪᠠᠭᠤᠯᠢᠭ᠂ ᠭᠠᠵᠠᠷ ᠣᠷᠣᠨ ᠤ ᠣᠨᠴᠠᠯᠢᠭ ᠲᠠᠢ ᠭᠤᠣᠯᠯᠠᠬᠤ ᠠᠵᠤ ᠦᠢᠯᠡᠰ ᠪᠣᠯᠤᠨ ᠤᠨᠴᠠᠯᠢᠬᠳᠤ ᠠᠵᠤ ᠦᠢᠯᠡᠰ ᠢ ᠬᠦᠭᠵᠢᠬᠦᠯᠦᠨ ᠪᠤᠵᠠᠭᠠᠶᠢᠷᠠᠭᠤᠯᠵᠤ᠂ ᠮᠠᠯ ᠰᠦᠷᠦᠭ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠦᠷᠦᠯ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠦᠢᠯᠡᠰ ᠤᠨ ᠲᠡᠰ ᠳᠡᠪᠰᠢᠬᠦ ᠪᠣᠳᠠᠲᠤ ᠦᠷ᠎ᠡ ᠪᠦᠲᠦᠮᠵᠢ ᠪᠠᠷ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠵᠢᠷᠤᠭᠯᠠᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ