ᠮᠠᠨ ᠤ ᠬᠤᠰᠢᠭᠤ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠪᠥᠬᠦ ᠬᠦᠴᠦᠨ ᠢᠶᠠᠷ ᠳᠥᠯᠭᠢᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2025/6/12
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠣᠶᠢᠷᠠᠳᠬᠤ ᠶᠢ ᠳᠠᠭᠠᠯᠳᠤᠨ᠂ ᠮᠣᠷᠢᠨ ᠤᠷᠤᠯᠳᠤᠭᠠᠨ ᠤ ᠲᠥᠷᠥᠯ ᠵᠦᠢᠯ ᠤᠨ ᠬᠤᠪᠢᠶᠠᠷᠢ ᠤᠷᠤᠯᠳᠤᠭᠠᠨ ᠤ ᠲᠠᠯᠠᠪᠠᠶ ᠪᠣᠯᠤᠭᠰᠠᠨ ᠤ ᠬᠤᠪᠢ ᠳᠤ᠂ ᠠᠳᠤᠭᠤᠨ ᠲᠠᠯ᠎ᠠ ᠮᠣᠷᠢᠨ ᠤᠷᠤᠯᠳᠤᠭᠠᠨ ᠤ ᠲᠠᠯᠠᠪᠠᠶ ᠥᠭᠡᠷᠡᠴᠢᠯᠡᠨ ᠲᠠᠰ ᠳᠡᠪᠰᠢᠭᠦᠯᠬᠦ ᠢᠨᠵᠧᠨᠧᠷᠢᠩ ᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠵᠤ᠂ ᠣᠳᠣᠬᠠᠨ ᠳᠤ ᠤᠷᠤᠯᠳᠤᠭᠠᠨ ᠤ ᠪᠡᠯᠡᠳᠬᠡᠯ ᠠᠵᠢᠯ ᠨᠢᠭᠡᠨᠲᠡ ᠰᠢᠪᠲᠤᠯᠤᠯᠲᠠ ᠶᠢᠨ ᠱᠠᠲᠤᠨ ᠳᠤ ᠣᠷᠣᠵᠤ᠂ ᠡᠯ᠎ᠡ ᠰᠠᠯᠠᠭ᠎ᠠ ᠮᠥᠴᠢᠷ ᠶᠠᠭ ᠪᠥᠬᠦ ᠬᠦᠴᠦ ᠪᠠᠷ ᠢᠶᠠᠨ ᠴᠢᠷᠮᠠᠶᠢᠵᠤ᠂ ᠲᠠᠮᠢᠷ ᠤᠨ ᠴᠤᠭᠯᠠᠭᠠᠨ ᠤ ᠬᠦᠷᠴᠦ ᠢᠷᠡᠬᠦ ᠶᠢ ᠤᠭᠲᠤᠵᠤ ᠪᠠᠶᠢᠨ᠎ᠠ᠃      ᠣᠶᠢᠯᠠᠭᠠᠭᠰᠠᠨ ᠢᠶᠠᠷ᠂ ᠠᠳᠤᠭᠤᠨ ᠲᠠᠯ᠎ᠠ ᠮᠣᠷᠢᠨ ᠤᠷᠤᠯᠳᠤᠭᠠᠨ ᠤ ᠲᠠᠯᠠᠪᠠᠶ ᠨᠢ ᠲᠠᠮᠢᠷ ᠤᠨ ᠤᠷᠤᠯᠳᠤᠭᠠᠨ ᠤ ᠮᠣᠷᠢ᠂ ᠲᠡᠮᠡᠭᠡ ᠤᠷᠤᠯᠳᠤᠬᠤ᠂ ᠲᠡᠮᠡᠭᠡᠨ ᠪᠥᠮᠪᠦᠭᠡ᠂ ᠡᠷ᠎ᠡ ᠶᠢᠨ ᠭᠤᠷᠪᠠᠨ ᠨᠠᠭᠠᠳᠤᠮ 4 ᠲᠦᠷᠦᠯ ᠤᠨ ᠤᠷᠤᠯᠳᠤᠭᠠᠨ ᠤ ᠡᠭᠦᠷᠭᠡ ᠶᠢ ᠡᠭᠦᠷᠭᠡᠯᠡᠵᠦ ᠪᠣᠶ᠃ ᠤᠷᠤᠯᠳᠤᠭᠠᠨ ᠤ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤ ᠲᠠᠯᠠᠪᠤᠷ ᠤᠨ ᠲᠥᠬᠦᠭᠡᠷᠦᠮᠵᠢ᠂ ᠪᠠᠷᠢᠮᠵᠢᠶᠠᠲᠤ ᠰᠤᠨᠢᠷᠬᠠᠨ ᠦᠵᠡᠬᠦ ᠭᠠᠵᠠᠷ᠂ ᠮᠣᠷᠢᠨ ᠤᠷᠤᠯᠳᠤᠭᠠᠨ ᠤ ᠲᠠᠯᠠᠪᠤᠷ ᠤᠨ ᠭᠦᠶᠦᠯᠲᠡ ᠶᠢᠨ ᠵᠠᠮ ᠵᠡᠷᠭᠡ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ ᠲᠠᠰ ᠳᠡᠪᠰᠢᠭᠦᠯᠵᠦ᠂ ᠤᠷᠤᠯᠳᠤᠭᠠᠨ ᠤ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠶᠠᠪᠤᠭᠳᠠᠬᠤ ᠶᠢ ᠪᠠᠲᠤᠯᠠᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠮᠠᠨ ᠤ ᠣᠷᠣᠨ ᠤ ᠬᠠᠮᠤᠭ ᠤᠨ ᠥᠨᠳᠥᠷ᠂ ᠬᠡᠪᠴᠢᠶ᠎ᠡ ᠪᠠᠷ ᠬᠠᠮᠤᠭ ᠤᠨ ᠶᠡᠭᠡ ᠶᠡᠷᠦᠩᠬᠡᠶᠢᠯᠡᠭᠰᠡᠨ ᠴᠢᠨᠠᠷᠲᠠᠶ ᠦᠨᠳᠦᠰᠦᠲᠡᠨ ᠤ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠢᠩᠭᠠᠳᠬᠠᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠬᠦ ᠴᠢᠬᠤᠯᠠ ᠲᠠᠪᠴᠠᠩ ᠮᠥᠨ᠃ ᠲᠤᠰ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠪᠣᠯ ᠤᠷᠤᠯᠳᠤᠭᠠᠨ ᠤ ᠲᠥᠷᠥᠯ ᠵᠦᠢᠯ ᠤᠨ ᠪᠠᠶᠢᠷᠢᠯᠠᠭᠤᠯᠤᠯᠲᠠ ᠬᠠᠮᠤᠭ ᠤᠨ ᠪᠦᠷᠢᠨ᠂ ᠣᠷᠣᠯᠴᠠᠬᠤ ᠬᠥᠮᠦᠨ ᠤ ᠲᠤᠭ᠎ᠠ ᠬᠠᠮᠤᠭ ᠤᠨ ᠣᠯᠠᠨ᠂ ᠠᠭᠤᠯᠭ᠎ᠠ ᠬᠡᠯᠪᠡᠷᠢ ᠬᠠᠮᠤᠭ ᠤᠨ ᠪᠠᠶᠠᠯᠢᠭ ᠨᠢᠭᠡ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠪᠣᠯᠤᠨ᠎ᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠡᠯ᠎ᠡ  ᠵᠦᠢᠯ ᠤᠨ ᠪᠡᠯᠡᠳᠬᠡᠯ ᠠᠵᠢᠯ ᠢ ᠲᠦᠷᠭᠡᠳᠬᠡᠨ ᠠᠬᠢᠭᠤᠯᠵᠤ᠂ ᠲᠡᠷᠢᠭᠦᠨ ᠤ ᠲᠠᠯᠠᠪᠤᠷ ᠲᠥᠬᠦᠭᠡᠷᠦᠮᠵᠢ ᠪᠠ ᠦᠢᠯᠡᠴᠢᠯᠡᠭᠡᠨ ᠤ ᠪᠠᠲᠤᠯᠠᠭ᠎ᠠ ᠪᠠᠷ ᠲᠠᠮᠢᠷᠴᠢᠳ ᠲᠤ ᠴᠤᠭ ᠵᠢᠪᠬᠤᠭ᠎ᠠ ᠪᠠᠨ ᠢᠯᠡᠷᠡᠭᠦᠯᠵᠦ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠲᠠᠪᠴᠠᠩ ᠪᠠᠶᠢᠭᠤᠯᠵᠤ᠂ ᠦᠵᠡᠭᠴᠢᠳ ᠲᠤ ᠭᠤᠶᠢᠳᠠ ᠰᠠᠶᠢᠬᠠᠨ ᠤᠷᠤᠯᠳᠤᠭᠠᠨ ᠤ ᠦᠪᠡᠳᠡᠭᠰᠢ ᠨᠠᠶᠢᠷ ᠢ ᠳᠡᠯᠭᠡᠨ ᠦᠵᠡᠭᠦᠯᠦᠨ᠎ᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ