| | | | 6 ᠰᠠᠷ᠎ᠠ ᠶᠢᠨ 11 ᠤ ᠡᠳᠦᠷ᠂ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠤᠯᠠᠭᠠᠨᠬᠠᠳᠠ ᠬᠤᠲᠠ ᠶᠢᠨ 2025 | ᠣᠨ ᠤ ᠰᠣᠶᠣᠯ ᠪᠠ ᠪᠠᠶᠢᠭᠠᠯᠢ ᠶᠢᠨ ᠥᠪ ᠤᠨ ᠡᠳᠦᠷ ᠵᠢᠴᠢ ︽ᠲᠥᠷᠪᠡ ᠶᠢ ᠲᠦᠬᠡᠮᠡᠯᠵᠢᠭᠦᠯᠬᠦ︾ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠭᠠᠷᠢᠨ ᠪᠠᠷᠠᠭᠤᠨ | ᠬᠤᠰᠢᠭᠤᠨ ᠵᠠᠰᠠᠭ ᠤᠨ ᠣᠷᠳᠣᠨ ᠤ ᠠᠭᠤᠳᠠᠮ ᠲᠠᠯᠠᠪᠠᠶ ᠳᠤ ᠶᠠᠪᠤᠭᠳᠠᠪᠠ᠃ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠮᠦᠽᠧᠶ | ᠵᠢᠴᠢ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠬᠥᠮᠦᠰ ᠵᠢᠴᠢ ᠨᠡᠶᠢᠭᠡᠮ ᠨᠡᠶᠢᠲᠡ ᠶᠢᠨ ᠤᠯᠠᠨ ᠲᠦᠮᠡᠨ ᠠᠵᠢᠯᠯᠠᠭ᠎ᠠ ᠳᠤ ᠣᠷᠣᠯᠴᠠᠵᠠᠢ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠦᠵᠡᠭᠦᠯᠦᠯᠭᠡ ᠶᠢᠨ ᠰᠠᠮᠪᠠᠷ᠎ᠠ ᠶᠢᠨ ᠤᠬᠠᠭᠤᠯᠭ᠎ᠠ᠂ ᠲᠦᠷᠰᠦ ᠰᠢᠩᠬᠡᠬᠡᠯᠳᠠ ᠶᠢᠨ ᠤᠬᠠᠭᠤᠯᠭ᠎ᠠ᠂ ᠲᠥᠷᠥ ᠶᠢᠨ | ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ᠂ ᠨᠡᠶᠢᠭᠡᠮ ᠤᠨ ᠣᠯᠠᠨ ᠨᠡᠶᠢᠲᠡ ᠲᠠᠢ ᠨᠢᠭᠤᠷᠲᠠᠨ ᠰᠠᠨᠠᠯ ᠢᠶᠠᠨ ᠰᠣᠯᠢᠯᠴᠠᠵᠤ ᠰᠡᠳᠦᠪ ᠬᠠᠷᠢᠭᠤᠯᠬᠤ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠤᠯᠢ︾ | ︽ᠤᠯᠠᠭᠠᠨᠬᠠᠳᠠ ᠬᠤᠲᠠ ᠶᠢᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ | ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠵᠡᠷᠭᠡ ᠬᠠᠮᠢᠶ᠎ᠠ ᠪᠥᠬᠦᠶ ᠪᠠᠶᠢᠳᠠᠯ ᠳᠤ | ᠤᠬᠠᠭᠤᠯᠭ᠎ᠠ ᠬᠢᠬᠦ ᠶᠢᠨ ᠬᠠᠮᠲᠤ᠂ ᠰᠦᠯᠵᠢᠶᠡᠨ ᠳᠡᠭᠡᠷ᠎ᠡ ᠰᠣᠨᠢᠨ ᠮᠡᠳᠡᠭᠡᠨ ᠤ ᠵᠠᠭᠤᠴᠢᠯᠠᠭᠤᠷ᠂ ᠣᠯᠠᠨ ᠨᠡᠶᠢᠲᠡ ᠶᠢᠨ ᠳ᠋ᠤᠭᠠᠷ᠂ ᠲᠢᠭ ᠲᠤᠭ ᠤᠨ ᠳ᠋ᠤᠭᠠᠷ ᠵᠡᠷᠭᠡ | ᠵᠠᠭᠤᠴᠢᠯᠠᠭᠤᠷ ᠢᠶᠠᠷ ᠳᠠᠮᠵᠢᠭᠤᠯᠤᠨ ᠵᠡᠷᠭᠡᠪᠡᠷ ᠤᠬᠠᠭᠤᠯᠭ᠎ᠠ ᠥᠷᠨᠢᠭᠦᠯᠪᠡ᠃ | ᠲᠤᠰ ᠤᠳᠠᠭᠠᠨ ᠤ ᠠᠵᠢᠯᠯᠠᠭ᠎ᠠ ᠨᠢ ᠪᠦᠬᠦ ᠨᠡᠶᠢᠭᠡᠮ ᠢᠶᠠᠷ ᠢᠶᠠᠨ ᠰᠣᠶᠣᠯ ᠤᠨ ᠥᠪ ᠢ ᠬᠠᠮᠠᠭᠠᠯᠠᠬᠤ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠵᠤ᠂ ᠤᠯᠠᠨ ᠨᠡᠶᠢᠲᠡ ᠶᠢᠨ ᠰᠣᠶᠣᠯ ᠤᠨ ᠥᠪ ᠢ ᠲᠠᠨᠢᠨ ᠮᠡᠳᠡᠬᠦ ᠪᠠ ᠬᠠᠮᠠᠭᠠᠯᠠᠬᠤ ᠤᠬᠠᠮᠰᠠᠷ ᠢ ᠪᠦᠲᠦᠮᠵᠢᠲᠡᠢ ᠳᠡᠭᠡᠭᠰᠢᠯᠡᠭᠦᠯᠵᠦ᠂ ᠨᠡᠩ | ᠤᠯᠠᠨ ᠬᠥᠮᠦᠰ ᠤᠨ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠬᠤ ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠬᠤ ᠶᠢ ᠵᠤᠷᠢᠭᠵᠢᠭᠤᠯᠭᠰᠠᠨ ᠪᠠᠶᠢᠨ᠎ᠠ᠃ |