ᠬᠠᠰᠲᠤᠭᠲᠠᠬᠤ ᠪᠣᠷᠣᠠᠤᠰᠤ ᠪᠠᠯᠭᠠᠰᠤᠨ ᠳᠤ ᠬᠦᠷᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠭᠡᠰᠢᠭᠦᠳ ᠤᠨ ᠲᠥᠯᠥᠭᠡᠯᠡᠭᠴᠢᠳ ᠲᠠᠢ ᠬᠠᠷᠢᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/13
       6 ᠰᠠᠷ᠎ᠠ ᠶᠢᠨ 12᠎ ᠤ ᠡᠳᠦᠷ᠂  ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠡᠷᠬᠢᠯᠡᠭᠴᠢ ᠬᠠᠰᠳᠤᠭᠲᠠᠬᠤ ᠨᠠᠷ ᠪᠣᠷᠣᠠᠤᠰᠤ ᠪᠠᠯᠭᠠᠰᠤᠨ ᠳᠤ ᠬᠦᠷᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠬᠡᠰᠢᠬᠦᠳ ᠲᠠᠢ ᠬᠠᠷᠢᠯᠴᠠᠬᠤ ᠠᠵᠢᠯᠯᠠᠭ᠎ᠠ ᠥᠷᠨᠢᠭᠦᠯᠦᠭᠰᠡᠨ ᠪᠥᠭᠡᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠲᠣᠭᠤᠷᠢᠨ ᠪᠠᠶᠢᠴᠠᠭᠠᠬᠤ ᠪᠠ ᠤᠷᠴᠢᠨ ᠠᠬᠤᠢ ᠶᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃      ᠬᠠᠰᠲᠤᠭᠲᠠᠬᠤ ᠨᠠᠷ ᠤᠷᠢᠳ ᠬᠤᠵᠢᠳ ︽ᠰᠠᠶᠢᠨ᠎ᠠ︾ ᠡᠭᠦᠯᠳᠡᠷ ᠤᠨ ᠬᠤᠨᠢ ᠶᠢ ᠦᠷᠡᠵᠢᠭᠦᠯᠦᠨ ᠪᠤᠶᠢᠵᠢᠭᠤᠯᠬᠤ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶᠠᠵᠢᠯ᠂ ᠪᠠᠭᠠᠷᠢᠨ ᠪᠠᠷᠠᠭᠤᠨ ᠬᠤᠰᠢᠭᠤᠨ ᠤ ᠴᠢᠨᠠᠷ ᠰᠠᠶᠢᠲᠠᠶ ᠡᠭᠦᠯᠳᠡᠷ ᠤᠨ ᠨᠤᠭᠤᠰᠤᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠰᠡᠩᠳᠡᠩ ᠮᠤᠳᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠵᠡᠷᠭᠡ ᠭᠠᠵᠠᠷ ᠲᠤ ᠬᠦᠷᠴᠦ᠂ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠲᠤᠬᠠᠶ ᠶᠢᠨ ᠲᠠᠯᠠᠪᠠᠶ ᠳᠤ ᠵᠠᠳᠠᠯᠤᠨ ᠰᠤᠳᠤᠯᠵᠤ ᠮᠠᠭᠠᠳᠯᠠᠪᠠ᠃      ᠳᠠᠷᠠᠭ᠎ᠠ ᠨᠢ ᠪᠣᠷᠣᠠᠤᠰᠤ ᠪᠠᠯᠭᠠᠰᠤᠨ ᠳᠤ ᠲᠥᠯᠥᠭᠡᠯᠡᠭᠴᠢᠳ ᠲᠠᠢ ᠬᠠᠷᠢᠯᠴᠠᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠪᠠᠯᠭᠠᠰᠤᠨ ᠳᠤ ᠰᠠᠭᠤᠭ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠠᠰᠠᠭᠤᠳᠠᠯ ᠤᠨ ᠲᠣᠭᠤᠷᠢᠨ ᠳᠤ ᠶᠠᠷᠢᠯᠴᠠᠨ ᠰᠣᠯᠢᠯᠴᠠᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠰᠣᠨᠣᠰᠴᠤ᠂ ᠣᠯᠠᠨ ᠲᠦᠮᠡᠨ ᠤ ᠲᠤᠰᠬᠠᠯ ᠴᠢᠩᠭ᠎ᠠ ᠠᠰᠠᠭᠤᠳᠠᠯ ᠪᠠ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾᠎ ᠶᠢᠨ ᠠᠵᠢᠯ ᠤᠨ ᠰᠠᠨᠠᠭᠤᠯᠭ᠎ᠠ ᠶᠢ ᠴᠤᠭᠯᠠᠭᠤᠯᠪᠠ᠃      ᠬᠠᠰᠲᠤᠭᠲᠠᠬᠤ ᠴᠢᠬᠤᠯᠠᠴᠢᠯᠠᠭᠰᠠᠨ ᠨᠢ᠂ ᠪᠣᠷᠣᠠᠤᠰᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠨᠡ ᠤᠳᠠᠭ᠎ᠠ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠬᠡᠷᠡᠭᠲᠡᠢ︔ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠥᠷᠭᠡᠨ ᠤᠯᠠᠨ ᠮᠠᠯᠴᠢᠨ ᠲᠠᠷᠢᠶᠠᠴᠢᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ︔ ᠲᠣᠭᠤᠷᠢᠨ ᠪᠠᠶᠢᠴᠠᠭᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠪᠡ᠃      ᠬᠠᠰᠲᠤᠭᠲᠠᠬᠤ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠣᠰ ᠤᠳᠠᠭᠠᠨ ᠤ ᠲᠥᠯᠥᠭᠡᠯᠡᠭᠴᠢᠳ ᠤᠨ ᠠᠵᠢᠯᠯᠠᠭ᠎ᠠ ᠶᠢᠨ ᠰᠠᠷ᠎ᠠ ᠪᠠᠷ ᠠᠵᠠ ᠲᠣᠬᠢᠶᠠᠯ ᠪᠣᠯᠭᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠲᠤᠰᠬᠠᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠰᠠᠭᠤᠳᠠᠯ ᠢ ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ᠵᠣᠯ ᠵᠢᠷᠭᠠᠯᠲᠤ ᠪᠠᠭᠠᠷᠢᠨ ᠪᠠᠷᠠᠭᠤᠨ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠠᠢ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ