ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠬᠤᠰᠢᠭᠤᠨ ᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢ ᠳᠡᠮᠵᠢᠵᠦ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠠᠵᠢᠯ ᠢ ᠵᠢᠷᠤᠮᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/6/13
      6 ᠰᠠᠷ᠎ᠠ ᠶᠢᠨ 11᠎ ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠬᠠᠰᠲᠤᠭᠲᠠᠬᠤ᠂ ᠳᠡᠳ᠋ ᠡᠷᠬᠢᠯᠡᠭᠴᠢ ᠮᠦᠩᠬᠡᠨ᠋ᠦ᠋ᠯᠵᠡᠢ᠂ ᠸᠠᠩ ᠶᠠᠨ ᠰᠢᠶᠠ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠪᠥᠬᠦ ᠬᠤᠰᠢᠭᠤᠨ ᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢ ᠳᠡᠮᠵᠢᠬᠦ ᠪᠠ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠼᠠᠢ ᠰᠢᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠳᠤᠭᠤᠳᠤᠨ ᠭᠤᠣᠯ ᠮᠠᠯ ᠤᠨ ᠠᠰᠢᠭ ᠰᠢᠮ᠎ᠡ ᠵᠡᠷᠭᠡ 5 ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ 3 ᠬᠠᠤᠯᠢ ᠬᠡᠷᠡᠭᠵᠢᠭᠦᠯᠬᠦ ᠨᠢᠭᠡᠴᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠣᠳᠣᠬᠢ ᠪᠠᠶᠢᠳᠠᠯ᠂ ᠬᠥᠭᠵᠢᠯᠲᠡ ᠶᠢᠨ ᠲᠥᠯᠥᠪᠵᠢᠭᠦᠯᠭᠡ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠮᠳᠠ ᠲᠤᠯᠭᠠᠷᠠᠭᠰᠠᠨ ᠠᠰᠠᠭᠤᠳᠠᠯ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠭᠰᠡᠨ ᠶᠡᠷᠦᠩᠬᠡᠶ ᠪᠠᠶᠢᠳᠠᠯ ᠢ ᠨᠠᠷᠢᠨ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ ᠨᠡᠷ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠤᠷᠮᠠᠰᠢᠭᠤᠯᠤᠨ ᠲᠡᠳᠬᠦᠬᠦ᠂ ᠪᠠᠯᠠ ᠲᠣᠬᠢᠷᠠᠭᠤᠯᠭ᠎ᠠ ᠶᠢᠨ ᠵᠢᠭᠡᠯᠡᠯᠭᠡ᠂ ᠬᠥᠮᠦᠨ ᠬᠡᠷᠡᠭᠯᠡᠬᠦ ᠵᠢᠴᠢ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠪᠠ ᠠᠷᠭ᠎ᠠ ᠮᠠᠶ᠋ᠢᠭ ᠢ ᠵᠢᠷᠤᠮᠵᠢᠭᠤᠯᠬᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠳᠤᠮᠳᠠ ᠵᠢᠵᠢᠭ ᠠᠵᠤ ᠠᠬᠤᠶᠢᠯᠠᠯ ᠪᠣᠯ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠴᠢᠬᠤᠯᠠ ᠬᠦᠴᠦᠨ ᠮᠥᠨ᠃ ᠡᠯ᠎ᠡ ᠰᠠᠯᠠᠭ᠎ᠠ ᠮᠥᠴᠢᠷ ᠤᠨ ᠬᠢᠨ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠠᠵᠤ ᠠᠬᠤᠶᠢᠯᠠᠯ ᠳᠤ ᠦᠢᠯᠡᠴᠢᠯᠡᠵᠦ᠂ ︽442︾ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠶᠢᠨ ᠲᠣᠭᠤᠷᠢᠨ ᠳᠤ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ ᠶᠠᠪᠤᠳᠠᠯ ᠬᠢᠵᠦ᠂ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠢ ᠥᠷᠭᠡᠳᠬᠡᠵᠦ᠂ ᠵᠠᠬ᠎ᠠ ᠳᠡᠯᠭᠡᠭᠦᠷ ᠢ ᠥᠷᠭᠡᠳᠬᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ᠂ ᠵᠠᠬ᠎ᠠ ᠳᠡᠯᠭᠡᠭᠦᠷ ᠢ ᠨᠡᠭᠡᠭᠡᠬᠦ ᠵᠡᠷᠭᠡ ᠲᠠᠯ᠎ᠠ ᠪᠠᠷ ᠨᠠᠷᠢᠯᠢᠭ ᠣᠨᠣᠴᠠᠲᠠᠶ ᠦᠢᠯᠡᠴᠢᠯᠡᠭᠡ ᠥᠷᠨᠢᠭᠦᠯᠵᠦ᠂ ᠨᠠᠮ ᠪᠠ ᠵᠠᠰᠠᠭ ᠤᠨ ᠣᠷᠳᠣᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠵᠠᠰᠠᠭ ᠪᠠ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠳᠤ ᠨᠠᠩ ᠰᠠᠶᠢᠨ ᠦᠢᠯᠡᠴᠢᠯᠡᠬᠦ ᠪᠠ ᠬᠦᠴᠦᠨ ᠨᠡᠮᠡᠷᠢᠯᠡᠬᠦ ᠬᠡᠷᠡᠭᠲᠡᠶ︔ ᠵᠠᠰᠠᠭ ᠪᠠ ᠠᠵᠤ ᠠᠬᠤᠶᠢᠯᠠᠯ ᠤᠨ ᠨᠡᠪᠲᠡᠷᠡᠯᠴᠡᠭᠡ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ︔ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠡᠷᠬᠡ ᠲᠤᠰᠢᠶᠠᠯ ᠤᠨ ᠬᠡᠷᠡᠭᠵᠢᠭᠦᠯᠦᠯᠲᠡ ᠶᠢ ᠴᠢᠩᠳᠠᠯᠠᠵᠤ᠂ ᠵᠥᠭᠡᠯᠡᠨ ᠴᠢᠨᠠᠷᠲᠠᠶ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠠᠵᠤ ᠠᠬᠤᠶᠢᠯᠠᠯ ᠢ ᠰᠠᠨᠠᠭ᠎ᠠ ᠠᠮᠤᠷ ᠠᠵᠢᠯᠯᠠᠭᠤᠯᠵᠤ᠂ ᠰᠠᠨᠠᠭ᠎ᠠ ᠠᠮᠤᠷ ᠬᠥᠭᠵᠢᠭᠦᠯᠵᠦ᠂ ᠠᠵᠤ ᠠᠬᠤᠶᠢᠯᠠᠯ ᠳᠤ ᠦᠢᠯᠡᠴᠢᠯᠡᠭᠦᠯᠬᠦ ᠪᠠᠷ ᠵᠣᠷᠢᠯᠭ᠎ᠠ ᠪᠠ ᠭᠠᠷᠳᠠᠴᠠ ᠪᠣᠯᠭᠠᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠦᠷᠭᠦᠯᠵᠢᠯᠡᠨ ᠨᠡᠮᠡᠭᠳᠡᠭᠦᠯᠵᠦ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠪᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ