| | | | ᠦᠨᠳᠦᠰᠦᠨ ᠱᠠᠲᠤᠨ ᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ | ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 6 ᠰᠠᠷ᠎ᠠ ᠶᠢᠨ 12 ᠤᠨ ᠡᠳᠦᠷ᠂ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠪᠠᠶᠠᠨᠲᠠᠯ᠎ᠠ ᠰᠤᠮᠤ ᠲᠠᠢ ᠬᠠᠮᠲᠤᠷᠠᠨ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠰᠣᠷᠢᠯᠲᠠ ᠶᠢ ᠵᠣᠬᠢᠶᠠᠨ ᠪᠠᠶᠢᠭᠤᠯᠤᠨ | ᠥᠷᠨᠢᠭᠦᠯᠪᠡ᠃ | ᠲᠣᠰ ᠤᠳᠠᠭᠠᠨ ᠤ ᠰᠣᠷᠢᠯᠲᠠ ᠳᠤ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠨᠣᠯᠵᠢᠬᠤᠨ ᠢ ᠪᠠᠷᠢᠮᠲᠠᠯᠠᠵᠤ᠂ ᠰᠢᠷᠦᠭᠦᠨ | ᠪᠣᠷᠣᠭᠠᠨ ᠠᠴᠠ ᠪᠣᠯᠤᠭᠰᠠᠨ ᠠᠭᠤᠯᠠᠨ ᠦᠶᠡᠷ ᠤᠨ ᠲᠦᠭᠰᠢᠭᠦᠷᠢᠲᠦ ᠪᠠᠶᠢᠳᠠᠯ ᠢ ᠳᠠᠭᠤᠷᠢᠶᠠᠨ ᠰᠣᠷᠢᠯᠲᠠ ᠬᠢᠵᠦ᠂ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ᠂ | ᠠᠵᠢᠯᠲᠠᠨ ᠢ ᠰᠢᠯᠵᠢᠭᠦᠯᠬᠦ᠂ ᠪᠠᠴᠢᠮ ᠪᠠᠶᠢᠳᠠᠯ ᠢ ᠠᠷᠭᠠᠴᠠᠭᠠᠵᠣ ᠠᠶᠤᠯ ᠠᠴᠠ ᠠᠪᠤᠷᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠤᠯᠳᠠᠯᠭ᠎ᠠ ᠲᠠᠢ ᠰᠢᠯᠭᠠᠨ | ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠪᠡ᠃ ᠰᠤᠮᠤᠨ ᠤ ᠺᠠᠳ᠋ᠷᠴᠤᠳ ᠪᠠ ᠭᠠᠴᠠᠭᠠᠨ ᠤ ᠣᠯᠠᠨ ᠲᠦᠮᠡᠨ ᠬᠠᠮᠲᠤ ᠪᠠᠷ ᠣᠷᠣᠯᠴᠠᠵᠤ᠂ ᠰᠣᠷᠢᠯᠲᠠ ᠪᠠᠨ ᠲᠡᠭᠦᠰ | ᠠᠮᠵᠢᠯᠲᠠ ᠲᠠᠢ ᠪᠡᠶᠡᠯᠡᠭᠦᠯᠵᠦ᠂ ᠵᠢᠱᠢᠭᠰᠡᠨ ᠦᠷ᠎ᠡ ᠪᠦᠲᠦᠮᠵᠢ ᠳᠡᠭᠡᠨ ᠬᠦᠷᠴᠦ᠂ ᠭᠡᠨᠡᠳᠲᠡ ᠶᠢᠨ ᠠᠭᠤᠯᠠᠨ ᠦᠶᠡᠷ ᠤᠨ ᠭᠠᠮᠰᠢᠭ ᠢ ᠠᠷᠭᠠᠴᠠᠭᠠᠬᠤ ᠪᠣᠳᠠᠲᠤ | ᠪᠠᠶᠢᠯᠳᠤᠭᠠᠨ ᠤ ᠴᠢᠳᠠᠪᠤᠷᠢ ᠪᠠ ᠠᠶᠤᠯ ᠠᠴᠠ ᠵᠠᠶᠢᠯᠠᠬᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠬᠦ ᠭᠡᠨᠡᠳᠲᠡ ᠶᠢᠨ ᠠᠶᠤᠯ ᠢ ᠰᠡᠷᠭᠡᠶᠢᠯᠡᠨ | ᠠᠷᠭᠠᠴᠠᠭᠠᠬᠤ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠦᠶᠡᠷ ᠤᠨ ᠬᠤᠭᠤᠴᠠᠭᠠᠨ ᠤ ᠭᠠᠮᠰᠢᠭ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠶᠢᠲᠤᠷ ᠰᠠᠬᠢᠨ ᠬᠠᠮᠠᠭᠠᠯᠠᠵᠤ᠂ ᠦᠶᠡᠷ ᠢ ᠠᠮᠤᠷ | ᠲᠦᠪᠰᠢᠨ ᠢᠶᠠᠷ ᠥᠩᠭᠡᠷᠡᠭᠦᠯᠬᠦ ᠶᠢ ᠪᠡᠶᠡᠯᠡᠭᠦᠯᠦᠨ᠎ᠡ᠃ |