| | | 6 ᠰᠠᠷ᠎ᠠ ᠶᠢᠨ 11 ᠤ ᠡᠳᠦᠷ᠂ ᠮᠠᠨ ᠤ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠭᠠᠴᠤᠳ ᠤᠨ ᠪᠥᠬᠡ ᠶᠢᠨ ᠤᠷᠤᠯᠳᠤᠭᠠᠨ ᠵᠢᠴᠢ ᠭᠤᠷᠪᠠᠳᠤᠭᠠᠷ | ᠬᠤᠭᠤᠴᠠᠭᠠᠨ ᠤ ᠳᠤᠮᠳᠠᠳᠤ ᠤᠯᠤᠰ ᠤᠨ ᠰᠢᠳᠠᠷ᠎ᠠ ᠶᠢᠨ ᠤᠷᠤᠯᠳᠤᠭᠠᠨ᠂ ᠶᠢᠰᠦᠳᠦᠭᠡᠷ ᠬᠤᠭᠤᠴᠠᠭᠠᠨ ᠤ ᠰᠤᠷ ᠬᠠᠷᠪᠤᠬᠤ ᠤᠷᠤᠯᠳᠤᠭᠠᠨ᠂ ᠠᠷᠪᠠᠨ ᠨᠢᠭᠡᠳᠦᠭᠡᠷ | ᠬᠤᠭᠤᠴᠠᠭᠠᠨ ᠤ ᠮᠣᠩᠭᠤᠯ ᠰᠢᠳᠠᠷ᠎ᠠ ᠶᠢᠨ ᠤᠷᠤᠯᠳᠤᠭᠠᠨ᠂ ᠭᠤᠷᠪᠠᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠤᠷᠤᠯᠳᠤᠭᠠᠨ ᠢ ᠡᠷᠬᠢᠯᠡᠪᠡ᠃ | ᠲᠣᠰ ᠤᠳᠠᠭᠠᠨ ᠤ ᠠᠵᠢᠯᠯᠠᠭ᠎ᠠ ᠶᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠴᠠᠭᠠᠨᠮᠥ᠋ᠷᠡᠨ ᠰᠤᠮᠤ ᠶᠢᠨ ᠠᠷᠠᠳ ᠤᠨ ᠵᠠᠰᠠᠭ ᠤᠨ ᠣᠷᠳᠣᠨ ᠠᠴᠠ | ᠭᠤᠤᠯᠯᠠᠨ ᠡᠷᠭᠢᠯᠡᠵᠦ᠂ ᠰᠢᠪᠠᠷᠲᠠᠶ ᠭᠤᠤᠯ ᠪᠠᠭ᠎ᠠ ᠰᠤᠷᠭᠠᠭᠤᠯᠢ ᠳᠠᠭᠠᠭᠠᠴᠢᠯᠠᠨ ᠡᠷᠭᠢᠯᠡᠵᠦ᠂ ᠪᠥᠬᠦ ᠬᠤᠰᠢᠭᠤᠨ ᠤ 400 ᠭᠠᠷᠤᠶ ᠰᠣᠷᠣᠭᠴᠢ ᠤᠷᠤᠯᠳᠤᠭᠠᠨ ᠳᠤ | ᠣᠷᠣᠯᠴᠠᠵᠠᠶ᠃ | ᠰᠢᠷᠢᠰ ᠤᠷᠤᠯᠳᠤᠭᠠᠨ ᠨᠢ ᠪᠦᠬᠡ᠂ ᠰᠤᠷ ᠬᠠᠷᠪᠤᠬᠤ᠂ ᠮᠣᠩᠭᠤᠯ ᠰᠢᠲᠠᠷ᠎ᠠ ᠵᠡᠷᠭᠡ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠵᠢᠴᠢ ᠳᠤᠮᠳᠠᠳᠤ | ᠤᠯᠤᠰ ᠤᠨ ᠰᠢᠲᠠᠷ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠤᠷᠤᠯᠳᠤᠭᠠᠨ ᠵᠡᠷᠭᠡ ᠣᠳᠣ ᠦᠶ᠎ᠡ ᠶᠢᠨ ᠠᠵᠢᠯᠯᠠᠭ᠎ᠠ ᠶᠢ ᠬᠠᠮᠤᠷᠴᠤ᠂ ᠲᠠᠯ᠎ᠠ ᠨᠤᠲᠤᠭ ᠤᠨ | ᠰᠣᠶᠣᠯ ᠤᠨ ᠦᠨᠳᠦᠰᠦ ᠶᠢ ᠤᠯᠠᠮᠵᠢᠯᠠᠨ ᠵᠠᠯᠭᠠᠮᠵᠢᠯᠠᠭᠰᠠᠨ ᠮᠥᠷᠲᠡᠭᠡᠨ ᠪᠠᠰᠠ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠬᠥᠭᠵᠢᠭᠡᠭᠰᠡᠨ ᠪᠠᠶᠢᠨ᠎ᠠ᠃ ᠤᠷᠤᠯᠳᠤᠭᠠᠨ ᠤ | ᠲᠤᠬᠠᠶ ᠶᠢᠨ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠨ ᠡᠯ᠎ᠡ ᠲᠠᠮᠢᠷᠴᠢᠳ ᠯᠠᠪᠳᠠᠭᠤᠨ ᠲᠣᠭᠲᠠᠭᠤᠨ ᠪᠠᠶᠢᠵᠤ᠂ ᠬᠤᠷᠴᠠ ᠰᠢᠷᠦᠭᠦᠨ ᠥᠷᠢᠰᠥᠯᠳᠦᠭᠡᠨ ᠢᠶᠠᠷ | ᠳᠡᠮᠵᠢᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ ᠤᠨ ᠱᠠᠩᠨᠠᠯ ᠬᠦᠷᠲᠡᠭᠴᠢ ᠶᠢ ᠰᠢᠯᠭᠠᠷᠠᠭᠤᠯᠤᠨ ᠭᠠᠷᠭᠠᠪᠠ᠃ ᠤᠷᠤᠯᠳᠤᠭᠠᠨ ᠤ ᠳᠠᠷᠠᠭ᠎ᠠ᠂ ᠰᠢᠪᠠᠷᠲᠠᠶ | ᠭᠤᠤᠯ ᠪᠠᠭ᠎ᠠ ᠰᠤᠷᠭᠠᠭᠤᠯᠢ ᠶᠢᠨ ᠪᠠᠭᠰᠢ ᠪᠣᠯᠤᠨ ᠰᠤᠷᠤᠭᠴᠢᠳ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠠᠶ᠃ | ᠲᠤᠰ ᠤᠳᠠᠭᠠᠨ ᠤ ᠤᠷᠤᠯᠳᠤᠭᠠᠨ ᠨᠢ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠪᠦᠯᠬᠦᠮᠳᠡᠨ ᠲᠡᠮᠡᠴᠡᠬᠦ᠂ ᠤᠶᠤᠨ ᠤᠬᠠᠭᠠᠨ ᠢᠶᠠᠷ | ᠤᠷᠤᠭᠰᠢᠯᠠᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠵᠠᠯᠠᠭᠤᠴᠤᠳ ᠪᠠᠭᠠᠴᠤᠳ ᠤᠨ ᠰᠤᠷᠤᠯᠴᠠᠯᠭ᠎ᠠ ᠠᠮᠢᠳᠤᠷᠠᠯ ᠢ | ᠪᠠᠶᠠᠯᠢᠭᠵᠢᠭᠤᠯᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠡᠯ᠎ᠡ ᠲᠥᠷᠥᠯ ᠤᠨ ᠨᠡᠶᠢᠭᠡᠮ ᠠᠴᠠ ᠮᠡᠳᠡᠷᠡᠭᠰᠡᠨ᠂ ᠰᠢᠨ᠎ᠡ ᠶᠢ ᠡᠭᠦᠳᠬᠦ ᠬᠦᠴᠦᠨ ᠲᠠᠢ᠂ | ᠨᠥᠯᠥᠭᠡᠯᠡᠬᠦ ᠬᠦᠴᠦᠨ ᠤ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ ᠶᠢ ᠦᠷᠭᠦᠯᠵᠢᠯᠡᠨ ᠡᠷᠭᠢᠯᠡᠵᠦ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ | ᠳᠤᠮᠳᠠ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ ᠶᠢ ᠲᠦᠭᠡᠮᠡᠯᠵᠢᠭᠦᠯᠬᠦ ᠪᠠ ᠳᠡᠯᠭᠡᠷᠡᠭᠦᠯᠬᠦ ᠶᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠦᠷᠭᠦᠯᠵᠢᠯᠡᠨ ᠤᠯᠠᠮᠵᠢᠯᠠᠵᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠠᠯᠳᠠᠷᠰᠢᠭᠤᠯᠤᠨ᠎ᠠ᠃ |