| | | | 6 ᠰᠠᠷ᠎ᠠ ᠶᠢᠨ 15 ᠤ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ | ᠦᠶᠡᠷ ᠢ ᠰᠡᠷᠬᠡᠶᠢᠯᠡᠬᠦ ᠲᠣᠬᠢᠷᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠢᠷᠦᠭᠦᠨ ᠪᠣᠷᠣᠭᠠᠨ ᠠᠴᠠ ᠰᠡᠷᠭᠡᠶᠢᠯᠡᠬᠦ ᠠᠵᠢᠯ ᠢ ᠳᠠᠬᠢᠨ | ᠴᠢᠬᠤᠯᠠᠴᠢᠯᠠᠵᠤ᠂ ᠳᠠᠬᠢᠨ ᠪᠠᠶᠢᠷᠢᠯᠠᠭᠤᠯᠵᠤ᠂ ᠳᠠᠬᠢᠨ ᠨᠠᠶᠢᠳᠠᠪᠤᠷᠢᠵᠢᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ | ᠣᠷᠳᠣᠨ ᠤ ᠳᠠᠷᠤᠭ᠎ᠠ᠂ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠲᠢᠶᠠᠨ | ᠶᠦᠩ ᠰᠢᠶᠠᠩ ᠬᠤᠷᠠᠯ ᠳᠤ ᠰᠠᠭᠠᠲᠠᠵᠣ᠂ ᠣᠳᠣᠬᠠᠨ ᠤ ᠦᠶᠡᠷ ᠢ ᠰᠡᠷᠭᠡᠶᠢᠯᠡᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠵᠠᠳᠠᠯᠤᠭᠰᠠᠨ ᠤ ᠬᠠᠮᠲᠤ ᠲᠣᠰ ᠡᠭᠡᠯᠵᠢ ᠶᠢᠨ | ᠰᠢᠷᠦᠭᠦᠨ ᠪᠣᠷᠣᠭᠠᠨ ᠢ ᠰᠡᠷᠭᠡᠶᠢᠯᠡᠨ ᠠᠷᠭᠠᠴᠠᠭᠠᠬᠤ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠷᠠᠯ ᠢ ᠸᠢᠳᠢᠤ᠋ | ᠬᠡᠯᠪᠡᠷᠢ ᠪᠠᠷ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠳᠤ ᠬᠢᠵᠦ᠂ ᠬᠤᠰᠢᠭᠤᠨ ᠤ ᠤᠳᠤᠷᠢᠳᠤᠯᠭ᠎ᠠ ᠵᠠᠩ ᠯᠸᠢ᠂ ᠰᠢᠩ ᠶᠠ ᠵᠢᠶᠦ᠋ᠨ ᠵᠢᠴᠢ ᠬᠤᠰᠢᠭᠤᠨ ᠤ | ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠣᠷᠣᠯᠴᠠᠪᠠ᠃ | ᠬᠤᠷᠠᠯ ᠳᠡᠭᠡᠷ᠎ᠡ᠂ ᠵᠠᠩ ᠯᠸᠢ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ︔ ᠬᠤᠰᠢᠭᠤᠨ ᠤ ᠰᠢᠭᠤᠳ | ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠣᠳᠣᠬᠢ ᠱᠠᠲᠤᠨ ᠤ ᠦᠶᠡᠷ ᠢ | ᠰᠡᠷᠭᠡᠶᠢᠯᠡᠬᠦ ᠪᠡᠯᠡᠳᠬᠡᠯ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ︔ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠢᠨ ᠦᠶᠡᠷ ᠢ ᠰᠡᠷᠭᠡᠶᠢᠯᠡᠬᠦ ᠪᠡᠯᠡᠳᠬᠡᠯ | ᠠᠵᠢᠯ ᠤᠨ ᠲᠣᠬᠢᠷᠠᠭᠤᠯᠤᠯᠲᠠ ᠵᠢᠴᠢ ᠵᠢᠵᠢᠭᠦᠷᠯᠡᠭᠴᠢ ᠶᠢᠨ ᠠᠵᠢᠯ ᠤᠨ ᠪᠠᠶᠢᠷᠢ ᠳᠠᠭᠠᠨ ᠪᠠᠶᠢᠭ᠎ᠠ ᠪᠠᠶᠢᠳᠠᠯ ᠢᠶᠠᠨ ᠳᠡᠰ ᠳᠠᠷᠠᠭᠠᠯᠠᠨ ᠬᠠᠷᠢᠭᠤ ᠮᠡᠳᠡᠭᠦᠯᠪᠡ᠃ | ᠲᠢᠶᠠᠨ ᠶᠦᠩ ᠰᠢᠶᠠᠩ ᠵᠢᠭᠠᠵᠤ ᠭᠠᠷᠭᠠᠭᠰᠠᠨ ᠨᠢ᠂ ᠣᠳᠣᠬᠠᠨ ᠳᠤ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠮᠥᠨ ᠬᠦ ᠬᠦᠨᠳᠦ ᠨᠣᠴᠢᠲᠠᠶ ᠪᠠᠶᠢᠨ᠎ᠠ᠂ | ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠳᠠᠷᠤᠶ ᠲᠦᠷᠭᠡᠨ ᠲᠡᠶᠢᠨ ᠤ ᠡᠮᠦᠨᠡᠬᠢ ᠪᠠᠶᠢᠳᠠᠯ ᠳᠤ ᠣᠷᠣᠵᠤ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠵᠤᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ︽ᠴᠠᠭ ᠢᠮᠠᠭᠲᠠ ᠰᠠᠨᠠᠭ᠎ᠠ | ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠵᠢᠯ ᠢ | ᠰᠠᠶᠢᠲᠤᠷ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠡᠶ᠃ | ᠲᠢᠶᠠᠨ ᠶᠦᠩ ᠰᠢᠶᠠᠩ ᠴᠢᠬᠤᠯᠠᠴᠢᠯᠠᠭᠰᠠᠨ ᠨᠢ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ᠂ ᠰᠤᠮᠤ | ᠪᠠᠯᠭᠠᠰᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠴᠠᠭ ᠢᠮᠠᠭᠲᠠ ᠠᠵᠢᠯ ᠤᠨ ᠪᠠᠶᠢᠷᠢ ᠳᠠᠭᠠᠨ ᠪᠠᠶᠢᠵᠤ᠂ ᠦᠶᠡᠷ ᠢ ᠰᠡᠷᠭᠡᠶᠢᠯᠡᠬᠦ ᠪᠥᠬᠦ | ᠬᠠᠷᠢᠭᠤᠴᠠᠯᠭᠠᠲᠠᠨ ᠪᠠᠲᠤᠯᠠᠭ᠎ᠠ ᠶᠢ ᠳᠠᠭᠠᠭᠠᠴᠢᠯᠠᠬᠤ ᠴᠡᠭ ᠲᠤ ᠭᠦᠨᠵᠡᠭᠡᠶᠢᠷᠡᠨ ᠠᠵᠢᠯ ᠢᠶᠠᠨ ᠥᠷᠨᠢᠭᠦᠯᠵᠦ᠂ ᠤᠳᠤᠷᠢᠳᠤᠯᠭ᠎ᠠ ᠡᠭᠡᠯᠵᠢ ᠳᠠᠭᠠᠭᠤᠯᠬᠤ᠂ ᠲᠤᠰᠬᠠᠶ | ᠬᠥᠮᠦᠨ ᠵᠢᠵᠢᠭᠦᠷᠯᠡᠨ ᠰᠠᠬᠢᠬᠤ ᠪᠠ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠶᠢ ᠴᠢᠩᠭᠠᠳᠬᠠᠵᠤ᠂ ᠭᠠᠵᠠᠷ ᠤᠨ ᠭᠠᠶ ᠭᠠᠮᠰᠢᠭ ᠤᠨ ᠳᠠᠯᠳᠠ ᠬᠡᠮ ᠤᠨ ᠴᠡᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ | ᠰᠡᠷᠡᠮᠵᠢᠯᠡᠭᠦᠯᠦᠨ ᠲᠤᠰᠠᠭᠠᠷᠯᠠᠬᠤ᠂ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠭᠠᠵᠠᠷ ᠤᠨ ᠭᠠᠶ ᠭᠠᠮᠰᠢᠭ ᠤᠨ | ᠳᠠᠯᠳᠠ ᠬᠡᠮ ᠤᠨ ᠴᠡᠭ ᠢ ᠲᠣᠭᠤᠷᠢᠨ ᠪᠠᠶᠢᠴᠠᠭᠠᠬᠤ ᠤᠳᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠬᠤ ᠬᠡᠷᠡᠭᠲᠡᠶ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠂ ᠠᠭᠤᠯᠠᠨ ᠦᠶᠡᠷ ᠪᠠ ᠭᠠᠵᠠᠷ ᠤᠨ ᠭᠠᠮᠰᠢᠭ ᠢ ᠰᠡᠷᠭᠡᠶᠢᠯᠡᠬᠦ᠂ ᠤᠰᠤᠨ ᠴᠥᠭᠦᠷᠥᠮ ᠪᠠ ᠬᠠᠰᠢᠯᠭ᠎ᠠ ᠳᠠᠯᠠᠩ ᠵᠡᠷᠭᠡ ᠭᠤᠣᠯᠳᠠᠯᠭ᠎ᠠ ᠲᠠᠢ ᠭᠠᠵᠠᠷ ᠢ ᠰᠡᠷᠭᠡᠶᠢᠯᠡᠨ | ᠬᠠᠮᠠᠭᠠᠯᠠᠬᠤ ᠠᠮᠤᠷ ᠲᠦᠪᠰᠢᠨ ᠢ ᠰᠠᠶᠢᠲᠤᠷ ᠠᠳᠬᠤᠵᠤ᠂ ᠬᠤᠲᠣᠭᠤᠷ ᠭᠠᠵᠠᠷ ᠪᠠ ᠬᠤᠳᠠ ᠶᠢᠨ ᠲᠣᠭᠤᠷᠢᠭ ᠤᠨ ᠠᠮᠠᠷᠬᠠᠨ ᠤᠰᠤᠲᠤᠬᠤ ᠭᠠᠵᠠᠷ ᠲᠤ ᠴᠢᠭᠯᠡᠭᠦᠯᠦᠨ᠂ | ᠲᠣᠣᠷᠯᠢᠭ ᠪᠠᠶᠢᠴᠠᠭᠠᠯᠲᠠ ᠬᠢᠵᠦ᠂ ᠲᠦᠭᠰᠢᠭᠦᠷᠢᠲᠦ ᠪᠠᠶᠢᠳᠠᠯ ᠢ ᠣᠯᠵᠤ ᠮᠡᠳᠡᠪᠡᠯ ᠳᠠᠷᠤᠢ ᠲᠦᠷᠭᠡᠨ ᠠᠶᠤᠯ ᠠᠴᠠ ᠠᠪᠤᠷᠠᠵᠤ ᠰᠢᠢᠳᠪᠦᠷᠢᠯᠡᠬᠦ ᠬᠡᠷᠡᠭᠲᠡᠢ︔ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠡᠳ᠋ ᠪᠣᠳᠠᠰ ᠲᠣᠨᠤᠭ ᠲᠥᠬᠦᠭᠡᠷᠦᠮᠵᠢ ᠶᠢ ᠪᠥᠬᠦ ᠲᠠᠯ᠎ᠠ ᠪᠠᠷ ᠪᠠᠶᠢᠴᠠᠭᠠᠵᠤ᠂ ᠡᠳ᠋ | ᠪᠣᠳᠠᠰ ᠤᠨ ᠲᠣᠬᠢᠷᠠᠭᠤᠯᠤᠯᠲᠠ ᠶᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠠᠶᠤᠯ ᠠᠴᠠ ᠵᠠᠶᠢᠯᠠᠭᠤᠯᠬᠤ ᠶᠢ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠡᠳ᠋ ᠪᠣᠳᠠᠰ ᠢ ᠬᠡᠷᠡᠭᠯᠡᠬᠦ ᠠᠷᠭ᠎ᠠ ᠶᠢ ᠰᠠᠶᠢᠲᠤᠷ ᠡᠵᠡᠮᠰᠢᠵᠦ᠂ ᠭᠤᠣᠯᠳᠠᠯᠭ᠎ᠠ ᠲᠠᠢ ᠬᠥᠮᠦᠰ ᠲᠤ ︽ᠨᠢᠭᠡ ᠳᠤ ᠨᠢᠭᠡ︾ ᠶᠢ ᠰᠢᠯᠵᠢᠭᠦᠯᠬᠦ | ᠲᠥᠰᠦᠯ ᠢ ᠨᠠᠶᠢᠳᠠᠪᠤᠷᠢᠵᠢᠭᠤᠯᠵᠤ᠂ ᠰᠢᠯᠵᠢᠭᠦᠯᠬᠦ ᠶᠣᠰᠣᠲᠠᠢ ᠶᠢ ᠨᠢ ᠪᠦᠬᠦᠨ ᠢ ᠰᠢᠯᠵᠢᠭᠦᠯᠵᠦ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ | ᠪᠠᠲᠤᠯᠠᠬᠤ ᠬᠡᠷᠡᠭᠲᠡᠢ᠃ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠤᠨ ᠬᠤᠪᠢᠷᠠᠯᠲᠠ ᠶᠢ ᠨᠢᠭᠲᠠ | ᠠᠩᠬᠠᠷᠴᠤ᠂ ᠤᠯᠠᠨ ᠲᠦᠮᠡᠨ ᠳᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠡᠷᠲᠡ ᠠᠴᠠ ᠪᠡᠯᠡᠳᠬᠡᠬᠦ᠂ ᠡᠷᠲᠡ ᠠᠴᠠ ᠰᠡᠷᠡᠮᠵᠢᠯᠡᠭᠦᠯᠬᠦ᠂ | ᠡᠷᠲᠡ ᠠᠴᠠ ᠰᠢᠯᠵᠢᠭᠦᠯᠬᠦ᠂ ᠡᠷᠲᠡ ᠠᠴᠠ ᠰᠢᠢᠳᠪᠦᠷᠢᠯᠡᠬᠦ ᠶᠢ ᠪᠡᠶᠡᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ | ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠪᠡ᠃ |