| | | 6 ᠰᠠᠷ᠎ᠠ ᠶᠢᠨ 14 ᠤ ᠡᠳᠦᠷ᠂ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠪᠠᠴᠢᠮ | ᠲᠣᠬᠢᠷᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ | ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠳᠡᠳ᠋ | ᠶᠡᠷᠦᠩᠬᠡᠶ ᠵᠢᠯᠣᠭᠤᠳᠣᠭᠴᠢ ᠵᠠᠩ ᠯᠸᠢ ᠰᠠᠭᠠᠲᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠠᠭ ᠠᠭᠤᠷ᠂ ᠤᠰᠤᠨ ᠠᠰᠢᠭᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠣᠯᠠᠨ ᠰᠠᠯᠠᠭ᠎ᠠ ᠮᠥᠴᠢᠷ ᠲᠠᠢ ᠬᠤᠯᠪᠣᠭᠠᠯᠠᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠠᠮᠵᠢᠯᠴᠠᠨ ᠪᠠᠶᠢᠯᠳᠤᠬᠤ | ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ︔ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ | ᠂ ᠴᠠᠭ ᠲᠤᠬᠠᠶ ᠳᠤᠨᠢ ᠵᠥᠪᠳᠡᠯᠴᠡᠨ ᠰᠤᠳᠤᠯᠤᠨ ᠮᠠᠭᠠᠳᠯᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ᠂ ᠦᠶᠡᠷ ᠢ ᠰᠡᠷᠭᠡᠶᠢᠯᠡᠬᠦ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠬᠡᠷᠡᠭᠲᠡᠶ︔ ᠭᠤᠣᠯᠳᠠᠯᠭ᠎ᠠ ᠲᠠᠢ ᠣᠷᠣᠨ ᠪᠦᠰᠡ ᠪᠣᠯᠤᠨ ᠪᠠᠭᠤᠷᠠᠢ | ᠭᠤᠭᠴᠤᠭ᠎ᠠ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠤᠰᠤᠨ ᠴᠥᠭᠦᠷᠥᠮ᠂ ᠬᠠᠰᠢᠯᠭ᠎ᠠ᠂ ᠵᠠᠮ ᠬᠠᠷᠢᠯᠴᠠᠭᠠᠨ ᠤ ᠭᠤᠣᠯ ᠱᠤᠭᠤᠮ ᠪᠣᠯᠤᠨ | ᠬᠥᠭᠦᠷᠭᠡ ᠶᠢᠨ ᠭᠤᠯᠳᠤᠩ᠂ ᠬᠤᠳᠠ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠠᠶᠢᠷᠢ ᠵᠡᠷᠭᠡ ᠶᠢ ᠲᠣᠣᠷᠵᠢᠭᠤᠯᠤᠭᠰᠠᠨ ᠬᠡᠯᠪᠡᠷᠢ ᠪᠠᠷ | ᠵᠢᠭᠰᠠᠭᠠᠨ ᠪᠠᠶᠢᠴᠠᠭᠠᠵᠤ᠂ ᠠᠮᠠᠷᠬᠠᠨ ᠤᠰᠤᠲᠤᠬᠤ ᠭᠠᠵᠠᠷ ᠢ ᠬᠢᠨᠠᠨ ᠬᠡᠮᠵᠢᠬᠦ ᠪᠠ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠡᠯ᠎ᠡ ᠵᠦᠢᠯ ᠤᠨ ᠦᠶᠡᠷ ᠢ | ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠤᠳᠤᠷᠢᠳᠤᠯᠭ᠎ᠠ ᠶᠢᠨ ᠡᠭᠡᠯᠵᠢ ᠳᠠᠭᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠵᠢᠯᠲᠠᠨ ᠢ ᠪᠣᠳᠠᠲᠠᠶᠢᠵᠢᠭᠤᠯᠬᠤ᠂ ᠡᠳ᠋ ᠪᠣᠳᠠᠰ ᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ | ᠪᠡᠶᠡᠯᠡᠭᠦᠯᠬᠦ ᠬᠡᠷᠡᠭᠲᠡᠶ ᠬᠡᠵᠠᠢ᠃ | ᠬᠤᠷᠠᠯ ᠤᠨ ᠳᠠᠷᠠᠭ᠎ᠠ᠂ ᠵᠠᠩ ᠯᠸᠢ ᠪᠠᠯᠭᠠᠰᠤᠨ ᠤ ᠲᠣᠭᠤᠷᠢᠭ ᠤᠨ ᠦᠶᠡᠷ ᠢ ᠵᠠᠯᠠᠬᠤ ᠠᠮᠠᠰᠠᠷ ᠤᠨ ᠦᠶᠡᠷ ᠢ ᠵᠠᠯᠠᠬᠤ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠪᠡ᠃ ᠵᠠᠩ ᠯᠸᠢ ᠵᠢᠭᠠᠵᠤ ᠭᠠᠷᠭᠠᠭᠰᠠᠨ ᠨᠢ᠂ ᠪᠠᠯᠭᠠᠰᠤᠨ ᠤ ᠤᠰᠤ ᠲᠠᠲᠠᠷᠠᠭᠤᠯᠬᠤ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠪᠠᠭᠤᠷᠠᠶ | ᠭᠤᠭᠴᠤᠭ᠎ᠠ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠠᠮᠠᠷᠬᠠᠨ ᠤᠰᠤᠲᠤᠵᠦ ᠬᠤᠷᠠᠭᠰᠠᠨ ᠤᠰᠤ ᠬᠤᠷᠠᠬᠤ ᠭᠠᠵᠠᠷ ᠢ ᠴᠠᠭ ᠲᠤᠬᠠᠶ ᠳᠤᠨᠢ | ᠰᠡᠷᠡᠮᠵᠢᠯᠡᠭᠦᠯᠬᠦ ᠲᠡᠮᠳᠡᠭ ᠪᠠᠶᠢᠷᠢᠯᠠᠭᠤᠯᠬᠤ ᠬᠡᠷᠡᠭᠲᠡᠶ︔ ᠦᠶᠡᠷ ᠢ ᠵᠠᠯᠠᠬᠤ ᠰᠤᠪᠠᠭ ᠢ ᠨᠡᠪᠲᠡᠷᠡᠭᠦᠯᠦᠨ ᠴᠡᠪᠡᠷᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ | ᠦᠶᠡᠷ ᠢ ᠵᠠᠯᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ︔ ᠭᠤᠤᠯᠳᠠᠯᠭ᠎ᠠ ᠲᠠᠢ ᠬᠡᠰᠡᠭ ᠢ ᠲᠣᠭᠤᠷᠢᠨ ᠪᠠᠶᠢᠴᠠᠭᠠᠵᠤ ᠵᠢᠭᠰᠠᠭᠠᠨ | ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠭᠦᠨᠵᠡᠭᠡᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠬᠡᠷᠡᠭᠲᠡᠶ ᠭᠡᠪᠡ᠃ |