ᠴᠠᠭᠠᠨᠨᠠᠭᠤᠷ ᠪᠠᠯᠭᠠᠰᠤ ᠦᠶᠡᠷ ᠤᠨ ᠬᠤᠭᠤᠴᠠᠭᠠᠨ ᠤ ᠡᠯ᠎ᠡ ᠵᠦᠢᠯ ᠤᠨ ᠠᠷᠭᠠᠴᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠡ
ᠨᠡᠶᠢᠲᠡᠯᠡᠭᠰᠡᠨ ᠴᠠᠭ᠄
2025/6/16
     ᠣᠶᠢᠷ᠎ᠠ ᠶᠢᠨ ᠬᠤᠭᠤᠴᠠᠭᠠᠨ ᠤ ᠰᠢᠷᠦᠭᠦᠨ ᠪᠣᠷᠣᠭᠠᠨ ᠤ ᠴᠠᠭ ᠠᠭᠤᠷ ᠢ ᠢᠳᠡᠪᠬᠢᠲᠡᠶ ᠠᠷᠭᠠᠴᠠᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠥᠯᠥᠭᠡ᠂ ᠴᠠᠭᠠᠨᠨᠠᠭᠤᠷ ᠪᠠᠯᠭᠠᠰᠤ ︽ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠢ ᠡᠰᠡᠷᠬᠦᠴᠡᠬᠦ᠂ ᠶᠡᠭᠡ ᠭᠠᠮᠰᠢᠭ ᠠᠴᠠ ᠠᠪᠤᠷᠠᠬᠤ︾ ᠵᠠᠷᠴᠢᠮ ᠳᠤ ᠰᠠᠭᠤᠷᠢᠯᠠᠨ᠂ ᠦᠳᠲᠡᠷ ᠲᠦᠷᠭᠡᠨ ᠬᠥᠳᠡᠯᠦᠯᠴᠡᠵᠦ᠂ ᠨᠠᠷᠢᠨ ᠨᠢᠮᠪᠠᠶ ᠪᠠᠶᠢᠷᠢᠯᠠᠭᠤᠯᠵᠤ᠂ ᠦᠶᠡᠷ ᠤᠨ ᠬᠤᠭᠤᠴᠠᠭᠠᠨ ᠤ ᠡᠯ᠎ᠡ ᠵᠦᠢᠯ ᠤᠨ ᠠᠷᠭᠠᠴᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠪᠡ᠃     ᠴᠠᠭᠠᠨᠨᠠᠭᠤᠷ ᠪᠠᠯᠭᠠᠰᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠢ ᠲᠡᠷᠡ ᠳᠠᠷᠤᠶ ᠳᠤᠨᠢ ᠬᠤᠷᠠᠯᠳᠤᠭᠤᠯᠵᠤ᠂ ᠦᠶᠡᠷ ᠢ ᠰᠡᠷᠭᠡᠶᠢᠯᠡᠬᠦ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠵᠣ ᠠᠶᠤᠯ ᠠᠴᠠ ᠠᠪᠤᠷᠠᠬᠤ᠂ ᠡᠳ᠋ ᠪᠣᠳᠠᠰ ᠤᠨ ᠪᠠᠲᠤᠯᠠᠭ᠎ᠠ ᠵᠡᠷᠭᠡ ᠠᠵᠢᠯ ᠤᠨ ᠲᠤᠬᠠᠶ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃ ᠡᠯ᠎ᠡ ᠠᠵᠢᠯ ᠤᠨ ᠪᠠᠶᠢᠷᠢ᠂ ᠡᠯ᠎ᠡ ᠭᠠᠴᠠᠭ᠎ᠠ ᠲᠣᠰᠬᠤᠨ ᠤ ᠦᠶᠡᠷ ᠢ ᠰᠡᠷᠭᠡᠶᠢᠯᠡᠬᠦ ᠠᠵᠢᠯ ᠤᠨ ᠳᠤᠮᠳᠠᠬᠢ ᠪᠣᠳᠠᠲᠠᠶ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠠᠵᠢᠯ ᠤᠨ ᠪᠠᠶᠢᠷᠢ᠂ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠤᠨ᠂ ᠪᠠᠯᠭᠠᠰᠤ᠂ ᠲᠣᠰᠬᠤᠨ ᠬᠤᠶᠠᠷ ᠱᠠᠲᠤ ᠬᠤᠯᠪᠣᠭᠠᠯᠠᠨ ᠬᠥᠳᠡᠯᠦᠯᠴᠡᠬᠦ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠤᠳᠤᠷᠢᠳᠤᠯᠭ᠎ᠠ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠭᠰᠢᠭᠦᠷᠢᠲᠦ ᠪᠠᠶᠢᠳᠠᠯ ᠢ ᠲᠡᠷᠡ ᠳᠠᠷᠤᠶ ᠳᠤᠨᠢ ᠢᠯᠡᠷᠡᠭᠦᠯᠵᠦ᠂ ᠮᠡᠳᠡᠭᠡ ᠵᠠᠩᠭᠢ ᠶᠢ ᠲᠡᠷᠡ ᠳᠠᠷᠤᠶ ᠳᠤᠨᠢ ᠳᠡᠭᠡᠭᠰᠢ ᠮᠡᠳᠡᠭᠦᠯᠵᠦ᠂ ᠰᠢᠢᠳᠪᠦᠷᠢᠯᠡᠬᠦ ᠶᠢ ᠲᠡᠷᠡ ᠳᠠᠷᠤᠶ ᠳᠤᠨᠢ ᠡᠬᠢᠯᠡᠭᠦᠯᠬᠦ ᠶᠢ ᠦᠨᠡᠨᠬᠦ ᠪᠠᠳᠤᠯᠠᠪᠡ᠃     ᠭᠤᠣᠯ ᠤᠳᠤᠷᠢᠳᠤᠯᠭ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠡᠮᠦᠨ᠎ᠡ ᠹᠷᠣᠨᠲ ᠲᠤ ᠬᠦᠷᠴᠦ ᠵᠢᠯᠣᠭᠤᠳᠴᠤ᠂ ᠬᠠᠷᠢᠶ᠎ᠠ ᠣᠷᠣᠨ ᠤ ᠡᠯ᠎ᠡ ᠭᠠᠴᠠᠭ᠎ᠠ ᠲᠣᠰᠬᠤᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠬᠢᠨᠠᠨ ᠵᠢᠯᠣᠭᠤᠳᠬᠤ ᠠᠵᠢᠯ ᠢ ᠥᠷᠨᠢᠭᠦᠯᠪᠡ᠃ ᠭᠠᠵᠠᠷ ᠤᠨ ᠭᠠᠶ ᠭᠠᠮᠰᠢᠭ ᠤᠨ ᠳᠠᠯᠳᠠ ᠬᠡᠮ ᠤᠨ ᠴᠡᠭ᠂ ᠭᠤᠤᠯ ᠤᠨ ᠬᠠᠰᠢᠯᠭ᠎ᠠ᠂ ᠤᠰᠤ ᠥᠩᠭᠡᠷᠡᠬᠦ ᠵᠠᠮ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠦᠶᠡᠷ ᠢ ᠰᠡᠷᠭᠡᠶᠢᠯᠡᠬᠦ ᠵᠢᠵᠢᠭᠦᠷᠯᠡᠨ ᠰᠠᠬᠢᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠤᠬᠠᠭᠤᠯᠤᠨ ᠬᠥᠲᠥᠯᠦᠨ ᠵᠢᠯᠣᠭᠤᠳᠬᠤ ᠵᠡᠷᠭᠡ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠵᠢᠯᠣᠭᠤᠳᠴᠤ᠂ ᠪᠠᠯᠭᠠᠰᠤ᠂ ᠭᠠᠴᠠᠭ᠎ᠠ ᠲᠣᠰᠬᠤᠨ ᠤ ᠺᠠᠳ᠋ᠷ ᠢ ︽ᠴᠠᠭ ᠢᠮᠠᠭᠲᠠ ᠰᠠᠨᠠᠭ᠎ᠠ ᠠᠮᠤᠷ ᠦᠬᠡᠢ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠪᠥᠭᠡᠳ ᠨᠠᠷᠢᠯᠢᠭ ᠠᠳᠬᠤᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ ᠭᠡᠵᠦ ᠱᠠᠭᠠᠷᠳᠠᠪᠠ᠃     ᠴᠠᠭᠠᠨᠨᠠᠭᠤᠷ ᠪᠠᠯᠭᠠᠰᠤᠨ ᠤ ᠦᠶᠡᠷ ᠢ ᠰᠡᠷᠭᠡᠶᠢᠯᠡᠬᠦ ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠤᠷ ᠲᠠᠲᠠᠬᠤ ᠮᠠᠶ᠋ᠢᠭ ᠤᠨ᠂ ᠱᠦᠬᠦᠷᠳᠡᠯᠳᠠ ᠮᠠᠶ᠋ᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠭᠤᠣᠯ ᠤᠨ ᠵᠠᠮ ᠤᠨ ᠭᠤᠤ ᠰᠤᠪᠠᠭ᠂ ᠬᠤᠲᠣᠭᠤᠷ ᠭᠠᠵᠠᠷ ᠠᠮᠠᠷᠬᠠᠨ ᠤᠰᠤᠲᠤᠬᠤ ᠣᠷᠣᠨ᠂ ᠬᠠᠭᠤᠴᠢᠨ ᠭᠡᠷ ᠪᠠᠶᠢᠰᠢᠩ᠂ ᠪᠠᠶᠢᠭᠤᠯᠵᠤ ᠪᠠᠶᠢᠭ᠎ᠠ ᠪᠠᠷᠢᠯᠭ᠎ᠠ᠂ ᠦᠶᠡᠷ ᠢ ᠵᠠᠯᠠᠬᠤ ᠭᠤᠤ ᠵᠡᠷᠭᠡ ᠵᠠᠩᠭᠢᠯᠠᠭ᠎ᠠ ᠶᠢᠨ ᠣᠷᠣᠨ ᠪᠦᠰᠡ ᠶᠢ ᠴᠢᠩᠭ᠎ᠠ ᠠᠩᠬᠠᠷᠴᠤ᠂ ᠲᠤᠰᠬᠠᠶ ᠮᠡᠷᠭᠡᠵᠢᠯ ᠤᠨ ᠬᠦᠴᠦᠨ ᠪᠠ ᠬᠥᠮᠦᠰ ᠢ ᠵᠣᠬᠢᠶᠠᠨ ᠪᠠᠶᠢᠭᠤᠯᠤᠨ ᠳᠠᠬᠢᠨ ᠳᠠᠪᠲᠠᠨ ᠲᠣᠭᠤᠷᠢᠨ ᠪᠠᠶᠢᠴᠠᠭᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠳᠠᠯᠳᠠ ᠭᠡᠮ ᠤᠨ ᠴᠡᠭ᠂ ᠢᠯᠠᠩᠭᠤᠶ᠎ᠠ ᠤᠰᠤᠨ ᠵᠠᠮ ᠤᠨ ᠭᠠᠳᠠᠷᠭᠤ᠂ ᠠᠮᠠᠷᠬᠠᠨ ᠨᠤᠷᠠᠵᠤ ᠶᠡᠭᠦᠷᠡᠬᠦ ᠵᠠᠮ ᠤᠨ ᠬᠡᠰᠡᠭ ᠵᠡᠷᠭᠡ ᠠᠶᠤᠯ ᠲᠠᠢ ᠣᠷᠣᠨ ᠪᠦᠰᠡ ᠳᠤ ᠴᠠᠭ ᠲᠤᠬᠠᠶ ᠳᠤᠨᠢ ᠢᠯᠡ ᠰᠡᠷᠡᠮᠵᠢᠯᠡᠭᠦᠯᠬᠦ ᠲᠡᠮᠳᠡᠭ ᠲᠠᠯᠪᠢᠵᠤ᠂ ᠴᠢᠬᠤᠯᠠ ᠲᠠᠢ ᠦᠶ᠎ᠡ ᠳᠤ ᠲᠤᠰᠬᠠᠶ ᠬᠥᠮᠦᠨ ᠲᠣᠬᠢᠷᠠᠭᠤᠯᠤᠨ ᠵᠢᠵᠢᠭᠦᠷᠯᠡᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠲᠣᠭᠤᠷᠢᠨ ᠶᠠᠪᠤᠭᠤᠯᠵᠤ᠂ ᠭᠠᠮᠰᠢᠭ ᠡᠭᠦᠰᠬᠦ ᠶᠢ ᠴᠢᠩᠭ᠎ᠠ ᠰᠡᠷᠬᠡᠶᠢᠯᠡᠪᠡ᠃    ᠴᠠᠭᠠᠨᠨᠠᠭᠤᠷ ᠪᠠᠯᠭᠠᠰᠤ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾᠎ ᠶᠢ ᠵᠡᠷᠭᠡᠪᠡᠷ ᠶᠠᠪᠤᠭᠳᠠᠭᠤᠯᠬᠤ ᠶᠢ ᠪᠠᠷᠢᠮᠲᠠᠯᠠᠵᠤ᠂ ᠰᠦᠯᠵᠢᠶᠡᠨ ᠳᠡᠭᠡᠷ᠎ᠡ ᠸᠢᠴᠠᠲ ᠤᠨ ᠨᠡᠶᠢᠲᠡ ᠶᠢᠨ ᠳ᠋ᠤᠭᠠᠷ᠂ ᠸᠢᠴᠠᠲ ᠤᠨ ᠴᠤᠭᠯᠠᠷᠠᠯ ᠵᠡᠷᠭᠡ ᠠᠷᠭ᠎ᠠ ᠮᠠᠶ᠋ᠢᠭ ᠢᠶᠠᠷ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠨᠡᠶᠢᠲᠡᠯᠡᠵᠦ᠂ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ᠂ ᠵᠠᠮ ᠤᠨ ᠪᠠᠶᠢᠳᠠᠯ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠬᠡᠵᠦ᠂ ᠪᠠᠴᠢᠮ ᠪᠠᠶᠢᠳᠠᠯ ᠢ ᠠᠷᠭᠠᠴᠠᠭᠠᠬᠤ ᠰᠠᠨᠠᠭᠤᠯᠤᠮᠵᠢ ᠨᠡᠶᠢᠲᠡᠯᠡᠵᠦ᠂ ᠮᠡᠳᠡᠭᠡ ᠵᠠᠩᠭᠢ ᠶᠢ ᠴᠠᠭ ᠲᠤᠬᠠᠶ ᠳᠤᠨᠢ ᠪᠦᠲᠦᠮᠵᠢᠲᠡᠶ ᠳᠠᠮᠵᠢᠭᠤᠯᠬᠤ ᠶᠢ ᠦᠨᠡᠨ ᠬᠦ ᠪᠠᠲᠤᠯᠠᠪᠠ᠃ ᠰᠦᠯᠵᠢᠶᠡᠨ ᠭᠠᠳᠠᠨ᠎ᠠ ᠡᠷᠦᠬᠡ ᠳᠤ ᠣᠷᠣᠵᠤ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠰᠡᠷᠡᠮᠵᠢᠯᠡᠭᠦᠯᠬᠦ ᠮᠡᠳᠡᠭᠡ ᠵᠠᠩᠭᠢ᠂ ᠪᠠᠴᠢᠮ ᠪᠠᠶᠢᠳᠠᠯ ᠢ ᠠᠷᠭᠠᠴᠠᠭᠠᠬᠤ ᠶᠡᠷᠦ ᠶᠢᠨ ᠮᠡᠳᠡᠯᠭᠡ ᠶᠢ ᠠᠶᠢᠯ ᠡᠷᠦᠬᠡ ᠳᠤ ᠬᠦᠷᠭᠡᠵᠦ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠪᠠᠴᠢᠮ ᠪᠠᠶᠢᠳᠠᠯ ᠢ  ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠰᠠᠭᠤᠭᠠᠯᠢ ᠠᠷᠠᠳ ᠲᠤ ᠠᠮᠤᠷ ᠲᠦᠪᠰᠢᠨ ᠢ ᠠᠩᠬᠠᠷᠴᠤ᠂ ᠠᠶᠤᠯ ᠠᠴᠠ ᠪᠠᠴᠢᠮ ᠵᠠᠶᠢᠯᠠᠬᠤ ᠶᠢ ᠰᠤᠷᠬᠤ ᠶᠢ  ᠰᠠᠨᠠᠭᠤᠯᠪᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ