ᠪᠠᠭᠠᠷᠢᠨ ᠪᠠᠷᠠᠭᠤᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠳ᠋ᠦᠩ ᡁᠢ ᠶᠤᠸᠠᠨ ᠬᠤᠨᠳᠠᠭᠠᠲᠤ︾ ᠠᠩᠬ᠎ᠠ  ᠳᠤᠮᠳᠠᠳᠤ ᠲᠡᠬᠡᠳᠦ ᠲᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠥᠳᠥᠨ ᠪᠥᠮᠪᠦᠭᠡ ᠶᠢᠨ ᠳᠠᠩ ᠲᠦᠷᠦᠯ ᠤᠨ ᠢᠯᠡ ᠤᠷᠤᠯᠳᠤᠭᠠᠨ ᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2025/6/16
      6 ᠰᠠᠷ᠎ᠠ ᠶᠢᠨ 10᠎ ᠤ ᠡᠳᠦᠷ ᠠᠴᠠ 13᠎ ᠤ ᠡᠳᠦᠷ ᠪᠣᠯᠲᠠᠯ᠎ᠠ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠬᠠᠮᠲᠤᠷᠠᠨ ᠪᠠᠭᠠᠷᠢᠨ ᠪᠠᠷᠠᠭᠤᠨ ᠬᠤᠰᠢᠭᠤᠨ ᠤ ᠳ᠋ᠦᠩ ᡁᠢ ᠶᠤᠸᠠᠨ ᠥᠳᠥᠨ ᠪᠥᠮᠪᠦᠭᠡ ᠶᠢᠨ ᠣᠷᠳᠣᠨ ᠳᠤ 2025 ᠣᠨ ᠤ ᠪᠠᠭᠠᠷᠢᠨ ᠪᠠᠷᠠᠭᠤᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠳ᠋ᠦᠩ ᡁᠢ ᠶᠤᠸᠠᠨ ᠬᠤᠨᠳᠠᠭᠠᠲᠤ︾ ᠠᠩᠬ᠎ᠠ ᠳᠤᠮᠳᠠᠳᠤ ᠲᠡᠬᠡᠳᠦ ᠲᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠥᠳᠥᠨ ᠪᠥᠮᠪᠦᠭᠡ ᠶᠢᠨ ᠳᠠᠩ ᠲᠦᠷᠦᠯ ᠤᠨ ᠢᠯᠡ ᠤᠷᠤᠯᠳᠤᠭᠠᠨ ᠢ ᠠᠮᠵᠢᠯᠲᠠ ᠲᠠᠢ ᠡᠷᠭᠢᠯᠡᠪᠡ᠃ ᠪᠥᠬᠦ ᠬᠤᠰᠢᠭᠤᠨ ᠤ 3 ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ 3 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ 220 ᠭᠠᠷᠤᠶ ᠰᠣᠷᠣᠭᠴᠢ ᠲᠣᠰ ᠤᠳᠠᠭᠠᠨ ᠤ ᠤᠷᠤᠯᠳᠤᠭᠠᠨ ᠳᠤ ᠣᠷᠣᠯᠴᠠᠵᠠᠶ᠃      ᠲᠣᠰ ᠤᠳᠠᠭᠠᠨ ᠤ ᠤᠷᠤᠯᠳᠤᠭᠠᠨ ᠳᠤ ᠭᠤᠷᠪᠠᠨ ᠳᠤᠭᠤᠶᠢᠯᠠᠩ ᠬᠤᠪᠢᠶᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠶ ᠶᠢᠨ ᠳᠠᠩ ᠢᠶᠠᠷ ᠴᠣᠬᠢᠬᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠮᠡᠭᠲᠡᠶ ᠶᠢᠨ ᠳᠠᠩ ᠢᠶᠠᠷ ᠴᠣᠬᠢᠬᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠶ ᠶᠢᠨ ᠳᠠᠩ ᠢᠶᠠᠷ ᠴᠣᠬᠢᠬᠤ ᠤᠷᠤᠯᠳᠤᠭᠠᠨ ᠤ ᠲᠤᠰ ᠲᠤᠰ ᠡᠮᠦᠨ᠎ᠡ ᠭᠤᠷᠪᠠᠨ ᠨᠡᠷ᠎ᠠ ᠶᠢ ᠲᠤᠬᠢᠷᠠᠭᠤᠯᠵᠦ᠂ ᠳ᠋ᠠᠪᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ᠂ ᠳ᠋ᠠᠪᠠᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠨᠡᠶᠢᠲᠡ ᠶᠢᠰᠦᠨ ᠲᠠᠮᠢᠷᠴᠢᠨ ᠱᠠᠩᠨᠠᠯ ᠭᠥᠷᠳᠡᠪᠡ᠃     ᠤᠷᠤᠯᠳᠤᠭᠠᠨ ᠳᠤ᠂ ᠲᠠᠮᠢᠷᠴᠢᠳ ︽ᠨᠥᠬᠦᠷᠯᠡᠯ ᠨᠢᠭᠡᠳᠦᠭᠡᠷ᠂ ᠤᠷᠤᠯᠳᠤᠭᠠᠨ ᠬᠤᠶᠠᠳᠤᠭᠠᠷ︾ ᠪᠠᠶᠢᠬᠤ ᠵᠠᠷᠴᠢᠮ ᠢᠶᠠᠷ᠂ ᠲᠡᠮᠡᠴᠡᠯ ᠤᠨ ᠵᠣᠷᠢᠭ ᠪᠠᠳᠠᠷᠠᠩᠭᠤᠢ᠂ ᠪᠦᠬᠦ ᠬᠦᠴᠦᠨ ᠢᠶᠠᠨ ᠰᠢᠪᠬᠠᠵᠤ᠂ ᠰᠢᠷᠦᠭᠦᠨ ᠥᠷᠢᠰᠦᠯᠳᠦᠵᠦ᠂ ᠲᠤᠷᠰᠢᠯᠭ᠎ᠠ ᠪᠠᠨ ᠨᠠᠷᠢᠨ ᠨᠢᠮᠪᠠᠢ ᠳ᠋ᠦᠩᠨᠡᠵᠦ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠳᠤᠲᠠᠭᠳᠠᠯ ᠲᠠᠢ ᠲᠠᠯ᠎ᠠ ᠪᠠᠨ ᠲᠡᠪᠴᠢᠵᠦ᠂ ᠳᠠᠭᠠᠷᠢᠯᠲᠠ ᠪᠠ ᠰᠡᠷᠭᠡᠶᠢᠯᠡᠯᠲᠡ ᠶᠢ ᠭᠦᠢᠴᠡᠳ ᠢᠯᠡᠷᠡᠭᠦᠯᠵᠦ᠂ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠪᠠ ᠢᠳᠡᠪᠬᠢᠲᠡᠢ ᠥᠭᠡᠳᠡᠯᠡᠨ ᠲᠠᠪᠰᠢᠬᠤ ᠠᠮᠢᠳᠤᠷᠠᠯ ᠤᠨ ᠣᠪᠣᠷ ᠢ ᠭᠦᠢᠴᠡᠳ ᠢᠯᠡᠷᠡᠭᠦᠯᠪᠡ᠃     ᠲᠣᠰ ᠤᠳᠠᠭᠠᠨ ᠤ ᠤᠷᠤᠯᠳᠤᠭᠠᠨ ᠢᠶᠠᠷ ᠳᠠᠮᠵᠢᠨ᠂ ᠲᠠᠮᠢᠷᠴᠢᠳ ᠴᠥᠮ ᠰᠢᠷᠭᠠᠭᠤ ᠬᠠᠲᠠᠭᠤᠵᠢᠯᠲᠠᠶ ᠲᠡᠮᠡᠴᠡᠬᠦ ᠤᠷᠤᠯᠳᠤᠭᠠᠨ ᠤ ᠵᠣᠷᠢᠭ ᠰᠠᠨᠠᠭ᠎ᠠ ᠶᠢ ᠬᠠᠷᠠᠭᠤᠯᠬᠤ ᠶᠢᠨ ᠬᠠᠮᠲᠤ ᠪᠦᠯᠬᠦᠮ ᠨᠡᠶᠢᠲᠡ ᠶᠢᠨ ᠬᠠᠮᠵᠢᠯᠴᠠᠬᠤ ᠤᠬᠠᠮᠰᠠᠷ ᠢ ᠪᠠᠳᠠᠷᠠᠭᠤᠯᠪᠠ᠃ ᠮᠠᠨ ᠤ ᠬᠤᠰᠢᠭᠤᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠵᠢᠯ ᠢ ᠭᠦᠨᠵᠡᠭᠡᠶᠢᠷᠡᠭᠦᠯᠬᠦ ᠳᠤ ᠰᠠᠭᠤᠷᠢ ᠲᠠᠯᠪᠢᠵᠤ ᠥᠭᠴᠡᠶ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ