| | | 6 ᠰᠠᠷ᠎ᠠ ᠶᠢᠨ 12 ᠤ ᠡᠳᠦᠷ ᠠᠴᠠ 15 ᠤ ᠡᠳᠦᠷ ᠪᠣᠯᠲᠠᠯ᠎ᠠ᠂ ᠮᠠᠨ ᠤ ᠬᠤᠰᠢᠭᠤ ᠰᠢᠷᠦᠭᠦᠨ ᠪᠣᠷᠣᠭᠠᠨ ᠣᠷᠣᠵᠤ᠂ ᠡᠯ᠎ᠡ ᠰᠤᠮᠤ ᠪᠠᠯᠭᠠᠰᠤ ᠵᠡᠭᠡᠯᠢ | ᠭᠤᠳᠤᠮᠵᠢ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠦᠳᠲᠡᠷ ᠲᠦᠷᠭᠡᠨ ᠡᠬᠢᠯᠡᠭᠦᠯᠵᠦ᠂ ᠨᠢᠭᠡᠳᠦᠯᠲᠡᠶ ᠲᠥᠯᠥᠪᠯᠡᠨ ᠪᠠᠶᠢᠷᠢᠯᠠᠭᠤᠯᠵᠤ | ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠪᠥᠬᠦ ᠬᠦᠴᠦᠨ ᠢᠶᠠᠷ ᠢᠶᠠᠨ ︽ᠦᠶᠡᠷ ᠢ ᠰᠡᠷᠭᠡᠶᠢᠯᠡᠬᠦ ᠲᠣᠤᠷ︾ ᠢ ᠨᠢᠭᠲᠠ ᠰᠦᠯᠵᠢᠵᠦ᠂ ᠠᠷᠠᠳ ᠣᠯᠠᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠪᠠ᠃ | ᠪᠠᠶᠠᠨᠬᠤᠰᠢᠭᠤ ᠪᠠᠯᠭᠠᠰᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠤ | ᠪᠠᠶᠢᠷᠢᠯᠠᠭᠤᠯᠤᠯᠲᠠ ᠬᠢᠵᠦ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠳᠠᠲᠠᠶ ᠬᠠᠷᠢᠭᠤᠴᠠᠯᠭᠠᠲᠠᠨ ᠢ ᠲᠣᠳᠣᠷᠬᠠᠶᠢᠯᠠᠪᠠ︔ 24 ᠴᠠᠭ ᠤᠨ | ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠵᠤ᠂ ᠲᠦᠭᠰᠢᠭᠦᠷᠢᠲᠦ ᠪᠠᠶᠢᠳᠠᠯ ᠲᠣᠬᠢᠶᠠᠯᠳᠤᠪᠠᠯ ᠴᠠᠭ ᠲᠤᠬᠠᠶ ᠳᠤᠨᠢ ᠵᠥᠪᠳᠡᠯᠴᠡᠨ ᠰᠤᠳᠤᠯᠤᠨ ᠮᠠᠭᠠᠳᠯᠠᠵᠤ | ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠶᠢ ᠦᠨᠡᠨ ᠬᠦ ᠪᠠᠲᠤᠯᠠᠪᠠ︔ ᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠡᠬᠢᠯᠡᠭᠦᠯᠵᠦ᠂ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠬᠤᠷᠴᠠ ᠰᠡᠷᠭᠡᠭ ᠰᠠᠭᠠᠳ ᠦᠭᠡᠢ ᠨᠡᠪᠲᠡᠷᠡᠬᠦ ᠶᠢ ᠪᠠᠳᠤᠯᠠᠨ᠎ᠠ︔ ᠮᠠᠯᠵᠢᠬᠤ ᠲᠠᠷᠢᠶᠠᠯᠠᠬᠤ ᠡᠷᠦᠬᠡ ᠶᠢᠨ | ᠣᠷᠣᠨ ᠰᠠᠭᠤᠴᠠ ᠶᠢᠨ ᠭᠡᠷ ᠪᠠᠶᠢᠰᠢᠩ ᠤᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠠᠶᠤᠯ ᠲᠦᠭᠰᠢᠭᠦᠷᠢ ᠶᠢᠨ ᠳᠠᠯᠳᠠ ᠭᠡᠮ᠂ ᠭᠠᠵᠠᠷ ᠤᠨ ᠪᠠᠶᠢᠴᠠ ᠬᠤᠲᠣᠭᠤᠷ | ᠭᠠᠵᠠᠷ ᠤᠨ ᠣᠷᠣᠰᠢᠨ ᠰᠠᠭᠤᠭ᠎ᠠ ᠬᠥᠮᠦᠰ ᠢ ᠵᠢᠭᠰᠠᠭᠠᠨ ᠪᠠᠶᠢᠴᠠᠭᠠᠪᠠ︔ ᠦᠶᠡᠷ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠯᠠᠨ ᠲᠦᠮᠡᠨ ᠳᠤ | ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠦᠨᠡᠨ ᠬᠦ ᠪᠠᠬᠢᠵᠢᠭᠦᠯᠪᠡ᠃ | ᠪᠠᠶᠠᠨᠲᠠᠯ᠎ᠠ ᠰᠤᠮᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠪᠣᠷᠣᠭᠠᠨ ᠤ ᠪᠠᠶᠢᠳᠠᠯ ᠢ ᠰᠤᠳᠤᠯᠤᠨ ᠮᠠᠭᠠᠳᠯᠠᠵᠤ᠂ ᠰᠡᠷᠭᠡᠶᠢᠯᠡᠬᠦ ᠠᠵᠢᠯ ᠢ | ᠪᠠᠶᠢᠷᠢᠯᠠᠭᠤᠯᠪᠠ︔ ᠬᠠᠷᠢᠶᠠᠲᠤ ᠣᠷᠣᠨ ᠤ ᠳᠣᠲᠣᠷᠠᠬᠢ ᠭᠤᠤᠯ ᠤᠨ ᠵᠠᠮ᠂ ᠬᠤᠲᠣᠭᠤᠷ ᠭᠠᠵᠠᠷ ᠠᠮᠠᠷᠬᠠᠨ ᠤᠰᠤᠲᠤᠬᠤ ᠣᠷᠣᠨ᠂ ᠭᠠᠵᠠᠷ ᠰᠢᠨᠵᠢᠯᠡᠭᠡᠨ ᠤ | ᠭᠠᠮᠰᠢᠭ ᠤᠨ ᠴᠡᠭ᠂ ᠬᠠᠭᠤᠴᠢᠨ ᠬᠡᠷ ᠪᠠᠶᠢᠰᠢᠩ᠂ ᠤᠰᠤ ᠥᠩᠭᠡᠷᠡᠬᠦ ᠵᠠᠮ᠂ ᠦᠶᠡᠷ ᠢ ᠰᠡᠷᠭᠡᠶᠢᠯᠡᠬᠦ ᠭᠤᠤ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠭᠠᠵᠠᠷ | ᠣᠷᠣᠨ ᠤ ᠪᠠᠶᠢᠳᠠᠯ ᠳᠤᠨᠢ ᠳᠣᠭᠢᠷᠠᠭᠤᠯᠤᠨ ︽ᠲᠣᠤᠷ ᠲᠠᠲᠠᠬᠤ ᠮᠠᠶ᠋ᠢᠭ︾ ︽ᠱᠦᠬᠦᠷᠳᠡᠯᠳᠠ ᠮᠠᠶ᠋ᠢᠭ︾ ᠤᠨ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠳᠠᠯᠳᠠ | ᠬᠡᠮ ᠤᠨ ᠡᠬᠡ ᠲᠠᠩᠰᠠ ᠪᠠᠶᠢᠭᠤᠯᠤᠨ᠂ ᠳ᠋ᠤᠭᠠᠷ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠪᠡ︔ ᠦᠶᠡᠷ ᠢ ᠰᠡᠷᠭᠡᠶᠢᠯᠡᠬᠦ ᠮᠡᠳᠡᠯᠭᠡ ᠪᠠ ᠠᠶᠤᠯ ᠠᠴᠠ ᠵᠠᠶᠢᠯᠠᠬᠤ ᠤᠷ᠎ᠠ | ᠴᠢᠳᠠᠪᠤᠷᠢ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠤᠬᠠᠮᠰᠠᠷ ᠢ ᠳᠡᠭᠡᠭᠰᠢᠯᠡᠭᠦᠯᠪᠡ᠃ | ᠳ᠋ᠠᠪᠠᠨ ᠪᠠᠯᠭᠠᠰᠤ ᠬᠤᠷᠠᠯ ᠬᠤᠷᠠᠯᠳᠤᠭᠤᠯᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠪᠠ︔ | ᠬᠠᠰᠢᠯᠭ᠎ᠠ ᠶᠢᠨ ᠲᠣᠭᠲᠠᠪᠤᠷᠢᠲᠤ ᠴᠢᠨᠠᠷ᠂ ᠭᠡᠷ ᠪᠠᠶᠢᠰᠢᠩ ᠤᠨ ᠠᠮᠤᠷ ᠲᠦᠪᠰᠢᠨ ᠤ ᠴᠢᠨᠠᠷ᠂ ᠫᠧᠩ ᠰᠠᠷᠠᠪᠴᠢ ᠶᠢᠨ ᠰᠠᠯᠬᠢ ᠪᠣᠷᠣᠭᠠᠨ ᠢ ᠰᠡᠷᠭᠡᠶᠢᠯᠡᠬᠦ ᠴᠢᠳᠠᠪᠤᠷᠢ | ᠵᠢᠴᠢ ᠵᠠᠮ ᠬᠠᠷᠢᠯᠴᠠᠭᠠᠨ ᠤ ᠲᠥᠬᠦᠭᠡᠷᠦᠮᠵᠢ ᠶᠢᠨ ᠨᠡᠪᠲᠡᠷᠡᠬᠦ ᠪᠠᠶᠢᠳᠠᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠪᠡ︔ ᠪᠠᠴᠢᠮ ᠪᠠᠶᠢᠳᠠᠯ ᠢ ᠠᠷᠭᠠᠴᠠᠭᠠᠵᠣ | ᠠᠶᠤᠯ ᠠᠴᠠ ᠠᠪᠤᠷᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯ ᠠᠴᠠ | ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠡᠯ᠎ᠡ ᠲᠥᠷᠥᠯ ᠤᠨ ᠡᠳ᠋ ᠪᠣᠳᠠᠰ ᠢ ᠲᠣᠬᠢᠷᠠᠭᠤᠯᠪᠠ︔ ᠸᠢᠴᠠᠲ ᠤᠨ ᠬᠤᠯᠪᠤᠭ᠎ᠠ᠂ ᠲᠣᠰᠬᠤᠨ ᠤ ᠠᠷᠠᠳ ᠤᠨ ᠳᠠᠭᠤ | ᠴᠢᠮᠡᠭᠡ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠦᠶᠡᠷ ᠢ ᠰᠡᠷᠭᠡᠶᠢᠯᠡᠬᠦ ᠮᠡᠳᠡᠯᠭᠡ᠂ ᠰᠡᠷᠡᠮᠵᠢᠯᠡᠭᠦᠯᠬᠦ ᠮᠡᠳᠡᠭᠡ ᠵᠠᠩᠭᠢ ᠵᠡᠷᠭᠡ ᠶᠢ ᠲᠣᠰᠬᠤᠨ ᠤ | ᠠᠷᠠᠳ ᠲᠤ ᠴᠠᠭ ᠲᠤᠬᠠᠶ ᠳᠤᠨᠢ ᠳᠠᠮᠵᠢᠭᠤᠯᠵᠤ᠂ ᠠᠷᠠᠳ ᠲᠦᠮᠡᠨ ᠤ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠪᠠ᠃ | | ᠴᠠᠭᠠᠨᠨᠠᠭᠤᠷ ᠪᠠᠯᠭᠠᠰᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠵᠤ᠂ ᠦᠶᠡᠷ ᠢ ᠰᠡᠷᠭᠡᠶᠢᠯᠡᠬᠦ ᠠᠵᠢᠯ ᠢ ᠪᠠᠶᠢᠷᠢᠯᠠᠭᠤᠯᠵᠤ᠂ ᠤᠳᠤᠷᠢᠳᠤᠯᠭ᠎ᠠ | ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠪᠠ︔ ᠭᠤᠤᠯ ᠤᠳᠤᠷᠢᠳᠤᠯᠭ᠎ᠠ ᠲᠤᠬᠠᠶ ᠶᠢᠨ ᠭᠠᠵᠠᠷ ᠲᠤᠨᠢ | ᠭᠠᠵᠠᠷ ᠤᠨ ᠭᠠᠶ ᠭᠠᠮᠰᠢᠭ ᠤᠨ ᠳᠠᠯᠳᠠ ᠬᠡᠮ ᠤᠨ ᠴᠡᠭ᠂ ᠭᠤᠤᠯ ᠤᠨ ᠬᠠᠰᠢᠯᠭ᠎ᠠ᠂ ᠤᠰᠤ ᠥᠩᠭᠡᠷᠡᠬᠦ ᠵᠠᠮ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ | ᠪᠠᠶᠢᠴᠠᠭᠠᠨ ᠦᠵᠡᠵᠦ᠂ ᠦᠶᠡᠷ ᠢ ᠰᠡᠷᠭᠡᠶᠢᠯᠡᠬᠦ ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠤᠷ ᠲᠠᠲᠠᠬᠤ | ᠮᠠᠶ᠋ᠢᠭ ᠤᠨ᠂ ᠱᠦᠬᠦᠷᠳᠡᠯᠳᠠ ᠮᠠᠶ᠋ᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ︔ ᠦᠶᠡᠷ ᠢ ᠰᠡᠷᠭᠡᠶᠢᠯᠡᠬᠦ | ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ᠂ ᠪᠣᠷᠣᠭᠠᠨ ᠤ ᠪᠠᠶᠢᠳᠠᠯ᠂ ᠵᠠᠮ ᠤᠨ ᠪᠠᠶᠢᠳᠠᠯ ᠢ ᠰᠡᠷᠡᠮᠵᠢᠯᠡᠭᠦᠯᠬᠦ | ᠮᠡᠳᠡᠭᠡ ᠵᠠᠩᠭᠢ ᠶᠢ ᠨᠡᠶᠢᠲᠡᠯᠡᠵᠦ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠪᠡ | ᠃ | ᠪᠣᠷᠣᠠᠤᠰᠤ ᠪᠠᠯᠭᠠᠰᠤ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠭᠤᠯᠪᠠ᠃ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ᠂ ᠲᠣᠭᠤᠷᠢᠨ ᠪᠠᠶᠢᠴᠠᠭᠠᠬᠤ᠂ ᠠᠶᠤᠯ ᠠᠴᠠ | ᠵᠠᠶᠢᠯᠠᠬᠤ᠂ ᠠᠶᠤᠯ ᠠᠴᠠ ᠠᠪᠤᠷᠠᠨ ᠲᠤᠰᠠᠯᠠᠬᠤ ᠡᠯ᠎ᠡ ᠭᠤᠭᠴᠤᠭ᠎ᠠ ᠶᠢᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠦᠶᠡᠷ ᠤᠰᠤᠲᠤᠯ ᠤᠨ ᠭᠠᠮᠰᠢᠭ ᠬᠦᠷᠴᠦ ᠢᠷᠡᠬᠦ | ᠦᠶ᠎ᠡ ᠳᠤ ᠪᠦᠲᠦᠮᠵᠢᠲᠡᠢ ᠠᠷᠭᠠᠴᠠᠭᠠᠬᠤ ᠶᠢ ᠪᠠᠳᠤᠯᠠᠪᠠ︔ ᠡᠯ᠎ᠡ ᠬᠠᠮᠢᠶ᠎ᠠ ᠪᠥᠬᠦᠶ ᠠᠵᠢᠯ ᠤᠨ ᠪᠠᠶᠢᠷᠢ ᠳᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ᠂ ᠭᠤᠤᠯᠳᠠᠯᠭ᠎ᠠ ᠲᠠᠢ ᠣᠷᠣᠨ ᠪᠦᠰᠡ᠂ ᠭᠠᠵᠠᠷ ᠤᠨ ᠬᠡᠰᠡᠭ ᠲᠤ ᠠᠶᠤᠯ ᠲᠦᠭᠰᠢᠭᠦᠷᠢ ᠶᠢᠨ ᠳᠠᠯᠳᠠ ᠬᠡᠮ ᠢ ᠪᠠᠶᠢᠴᠠᠭᠠᠨ ᠭᠠᠷᠭᠠᠪᠠ᠃ | ᠰᠢᠷᠠᠮᠥ᠋ᠷᠡᠨ ᠰᠤᠮᠤ ᠠᠶᠤᠯᠭᠦᠢ ᠦᠢᠯᠡᠳᠪᠦᠷᠢᠯᠡᠯ ᠤᠨ ᠬᠤᠷᠠᠯ ᠵᠢᠴᠢ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠲᠤᠬᠠᠢ ᠨᠠᠷᠢᠨ ᠪᠠᠶᠢᠷᠢᠯᠠᠭᠤᠯᠤᠯᠲᠠ | ᠬᠢᠪᠡ᠃ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ | ᠪᠠᠶᠢᠩᠭᠤ ᠶᠢᠨ ᠪᠠᠶᠢᠴᠠᠭᠠᠯᠲᠠ ᠶᠢ ᠰᠠᠶᠢᠲᠤᠷ ᠬᠢᠨ᠎ᠡ︔ ᠡᠯ᠎ᠡ ᠭᠠᠴᠠᠭ᠎ᠠ ᠲᠣᠰᠬᠤᠨ ᠤ ᠤᠰᠤ ᠥᠩᠭᠡᠷᠡᠬᠦ ᠵᠠᠮ ᠡᠪᠳᠡᠷᠡᠭᠰᠡᠨ᠂ ᠥᠨᠥᠴᠢᠨ ᠪᠡᠯᠪᠡᠰᠦᠨ ᠨᠠᠰᠤᠲᠠᠨ ᠢ | ᠦᠯᠡᠳᠡᠭᠡᠬᠦ ᠣᠷᠣᠨ ᠰᠠᠭᠤᠴᠠ ᠶᠢᠨ ᠠᠮᠤᠷ ᠲᠦᠪᠰᠢᠨ ᠵᠡᠷᠭᠡ ᠪᠠᠶᠢᠳᠠᠯ ᠢ ᠠᠩᠬᠠᠷᠴᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠠᠷᠭ᠎ᠠ | ᠬᠡᠮᠵᠢᠶ᠎ᠡ ᠲᠠᠢ ᠲᠡᠭᠦᠯᠳᠡᠷᠵᠢᠭᠦᠯᠦᠨ᠎ᠡ︔ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠰᠤᠮᠤᠨ ᠤ ᠦᠶᠡᠷ ᠤᠨ | ᠬᠤᠭᠤᠴᠠᠭ᠎ᠠ ᠶᠢ ᠲᠣᠭᠲᠠᠭᠤᠨ ᠢᠶᠠᠷ ᠥᠩᠭᠡᠷᠡᠭᠦᠯᠬᠦ ᠶᠢ ᠦᠨᠡᠨᠬᠦ ᠪᠠᠳᠤᠯᠠᠨ᠎ᠠ᠃ | ᠰᠠᠶᠢᠬᠠᠨ ᠵᠡᠭᠡᠯᠢ ᠭᠤᠳᠤᠮᠵᠢ ᠦᠶᠡᠷ ᠢ ᠰᠡᠷᠭᠡᠶᠢᠯᠡᠬᠦ ᠠᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠪᠠ ᠡᠳ᠋ ᠪᠣᠳᠠᠰ ᠤᠨ ᠨᠥᠭᠡᠴᠡᠯᠡᠯᠲᠡ ᠶᠢ ᠲᠡᠭᠦᠯᠳᠡᠷᠵᠢᠭᠦᠯᠦᠨ᠎ᠡ︔ | ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠪᠦᠬᠦ ᠲᠠᠯ᠎ᠠ ᠶᠢᠨ᠂ ᠤᠯᠠᠨ ᠠᠷᠭ᠎ᠠ ᠵᠠᠮ ᠢᠶᠠᠷ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠲᠣᠰᠬᠤᠨ ᠤ ᠠᠷᠠᠳ ᠤᠨ | ᠭᠠᠮᠰᠢᠭ ᠢ ᠰᠡᠷᠭᠡᠶᠢᠯᠡᠬᠦ ᠦᠵᠡᠯ ᠤᠬᠠᠮᠰᠠᠷ ᠪᠠ ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠭᠤᠣᠯᠳᠠᠯᠭ᠎ᠠ ᠲᠠᠢ ᠣᠷᠣᠨ ᠪᠦᠰᠡ ᠳᠤ ᠡᠳᠦᠷ | ᠪᠦᠷᠢ ᠶᠢᠨ ᠲᠣᠭᠤᠷᠢᠨ ᠪᠠᠶᠢᠴᠠᠭᠠᠯᠲᠠ ᠬᠢᠵᠦ᠂ ᠳᠠᠯᠳᠠ ᠭᠡᠮ ᠢ ᠡᠷᠲᠡ ᠢᠯᠡᠷᠡᠭᠦᠯᠵᠦ᠂ ᠠᠰᠠᠭᠤᠳᠠᠯ ᠢ ᠡᠷᠲᠡ ᠰᠢᠢᠳᠪᠦᠷᠢᠯᠡᠬᠦ ᠶᠢ ᠪᠡᠶᠡᠯᠡᠭᠦᠯᠦᠨ᠎ᠡ᠃ | ᠳᠠᠷᠬᠠᠨ ᠵᠡᠭᠡᠯᠢ ᠭᠤᠳᠤᠮᠵᠢ ᠲᠤᠰᠬᠠᠶ ᠰᠡᠳᠦᠪᠲᠦ ᠬᠤᠷᠠᠯ ᠬᠢᠵᠦ᠂ ᠦᠶᠡᠷ ᠢ ᠰᠡᠷᠭᠡᠶᠢᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠦᠶᠡᠷ ᠢ ᠰᠡᠷᠭᠡᠶᠢᠯᠡᠬᠦ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠡᠳ᠋ ᠪᠣᠳᠠᠰ ᠤᠨ ᠨᠥᠭᠡᠴᠡᠯᠡᠯᠲᠡ ᠶᠢ ᠲᠡᠭᠦᠯᠳᠡᠷᠵᠢᠭᠦᠯᠪᠡ︔ ᠦᠶᠡᠷ ᠢ ᠰᠡᠷᠭᠡᠶᠢᠯᠡᠬᠦ ᠳᠠᠯᠳᠠ ᠭᠡᠮ ᠢ | ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠵᠠᠩᠭᠢᠯᠠᠭ᠎ᠠ ᠶᠢᠨ ᠣᠷᠣᠨ ᠪᠦᠰᠡ ᠳᠤ ᠪᠥᠬᠦ ᠲᠠᠯ᠎ᠠ ᠪᠠᠷ ᠨᠠᠷᠢᠨ ᠨᠢᠮᠪᠠᠶ ᠵᠢᠭᠰᠠᠭᠠᠨ | ᠪᠠᠶᠢᠴᠠᠭᠠᠵᠤ᠂ ᠳᠠᠯᠳᠠ ᠭᠡᠮ ᠢ ᠣᠯᠵᠤ ᠮᠡᠳᠡᠪᠡᠯ ᠴᠠᠭ ᠲᠤᠬᠠᠶ ᠳᠤᠨᠢ ᠴᠤᠭᠯᠠᠭᠤᠯᠤᠨ ᠳᠡᠭᠡᠭᠰᠢ ᠮᠡᠳᠡᠭᠦᠯᠵᠦ᠂ ᠡᠷᠲᠡ ᠰᠡᠷᠡᠮᠵᠢᠯᠡᠭᠦᠯᠬᠦ᠂ ᠡᠷᠲᠡ ᠪᠡᠯᠡᠳᠬᠡᠬᠦ᠂ ᠡᠷᠲᠡ | ᠰᠡᠷᠭᠡᠶᠢᠯᠡᠬᠦ ᠶᠢ ᠦᠨᠡᠨᠬᠦ ᠪᠡᠶᠡᠯᠡᠬᠦᠯᠪᠡ︔ ᠦᠶᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠦᠶᠡᠷ ᠢ ᠰᠡᠷᠭᠡᠶᠢᠯᠡᠬᠦ | ᠦᠵᠡᠯ ᠤᠬᠠᠮᠰᠠᠷ ᠢ ᠴᠢᠩᠭᠠᠷᠠᠭᠤᠯᠪᠠ᠃ |