ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/17
      6 ᠰᠠᠷ᠎ᠠ ᠶᠢᠨ 16᠎ ᠤ ᠡᠳᠦᠷ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠬᠠᠷᠢᠶ᠎ᠠ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠰᠣᠶᠣᠯ ᠤᠨ ᠠᠭᠤᠳᠠᠮ ᠲᠠᠯᠠᠪᠠᠶ ᠳᠤ ︽ᠵᠣᠭᠤᠰᠣᠨ ᠤᠭᠤᠲᠠ ᠶᠢ ᠰᠠᠬᠢᠵᠤ ᠵᠣᠯ ᠵᠢᠷᠭᠠᠯᠲᠤ ᠭᠡᠷ ᠢᠶᠠᠨ ᠰᠠᠶᠢᠲᠤᠷ ᠬᠠᠮᠠᠭᠠᠯᠠᠶ᠎ᠠ︾ ᠭᠡᠬᠦ ᠭᠤᠤᠯ ᠰᠡᠳᠦᠪᠲᠦ 2025 ᠣᠨ ᠤ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠤᠬᠠᠭᠤᠯᠭ᠎ᠠ ᠶᠢᠨ ᠬᠡᠷᠡᠭᠰᠡᠯ᠂ ᠲᠤᠬᠠᠢ ᠶᠢᠨ ᠲᠠᠯᠠᠪᠤᠷ ᠤᠨ ᠲᠠᠶᠢᠯᠤᠮᠵᠢ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠭᠤᠣᠯ ᠣᠨᠴᠠᠯᠢᠭ᠂ ᠨᠡᠶᠢᠲᠡᠯᠢᠭ ᠬᠡᠷᠡᠭ ᠤᠨ ᠵᠢᠱᠢᠶ᠎ᠡ᠂ ᠰᠡᠷᠭᠡᠶᠢᠯᠡᠬᠦ ᠠᠷᠭ᠎ᠠ ᠬᠡᠮᠵᠢᠶ᠎ᠡ᠂ ᠢᠯᠡᠴᠢᠯᠡᠨ ᠮᠡᠳᠡᠭᠦᠯᠬᠦ ᠠᠷᠭ᠎ᠠ ᠵᠠᠮ ᠪᠠ ᠱᠠᠩᠨᠠᠬᠤ ᠠᠷᠭ᠎ᠠ ᠶᠢ ᠤᠬᠠᠭᠤᠯᠵᠤ᠂ ᠥᠷᠭᠡᠨ ᠤᠯᠠᠨ ᠲᠦᠮᠡᠨ ᠳᠤ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠰᠦᠯᠵᠢᠶᠡᠨ ᠤ ᠮᠥᠩᠭᠦᠨ ᠭᠦᠢᠯᠭᠡᠭᠡᠨ ᠤ ᠮᠡᠬᠡᠯᠡᠯ᠂ ᠬᠠᠤᠯᠢ ᠪᠤᠰᠤ ᠰᠦᠯᠵᠢᠶᠡᠨ ᠤ ᠵᠢᠭᠡᠯᠡᠯᠭᠡ᠂ ᠮᠥᠩᠭᠦᠨ ᠭᠦᠢᠯᠭᠡᠭᠡᠨ ᠤ ᠳᠠᠮᠵᠢᠭᠤᠯᠤᠨ ᠪᠣᠷᠣᠯᠠᠭᠤᠯᠬᠤ ᠵᠡᠷᠭᠡ ᠬᠠᠤᠯᠢ ᠪᠤᠰᠤ ᠮᠥᠩᠭᠦᠨ ᠭᠦᠢᠯᠭᠡᠭᠡᠨ ᠤ ᠤᠨᠠᠭᠤᠯᠢ ᠶᠢ ᠰᠡᠷᠡᠮᠵᠢᠯᠡᠭᠦᠯᠵᠦ᠂ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠴᠢᠩᠭᠠᠳᠬᠠᠪᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠳᠤ 1500 ᠭᠠᠷᠤᠶ ᠬᠤᠪᠢ ᠮᠡᠳᠡᠯᠭᠡ ᠶᠢᠨ ᠥᠩᠭᠡᠲᠦ ᠬᠠᠭᠤᠳᠠᠰᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠪᠠᠷᠠᠭ᠎ᠠ ᠬᠤᠳᠠᠯᠳᠤᠨ ᠠᠪᠬᠤ ᠤᠭᠤᠲᠠ ᠵᠡᠷᠭᠡ ᠤᠬᠠᠭᠤᠯᠭ᠎ᠠ ᠶᠢᠨ ᠬᠡᠷᠡᠭᠰᠡᠯ ᠢ 600 ᠭᠠᠷᠤᠶ ᠬᠤᠪᠢ ᠲᠠᠷᠬᠠᠭᠠᠵᠤ᠂ ᠲᠤᠬᠠᠶ ᠶᠢᠨ ᠲᠠᠯᠠᠪᠤᠷ ᠲᠤ ᠣᠯᠠᠨ ᠲᠦᠮᠡᠨ ᠤ ᠠᠰᠠᠭᠤᠨ ᠯᠠᠪᠯᠠᠭ᠎ᠠ ᠳᠤ 100 ᠭᠠᠷᠤᠶ ᠬᠥᠮᠦᠨ ᠤᠳᠠᠭ᠎ᠠ ᠬᠠᠷᠢᠭᠤᠯᠲᠠ ᠥᠭᠴᠦ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ ᠬᠠᠮᠢᠶ᠎ᠠ ᠪᠥᠬᠦᠶ ᠮᠡᠳᠡᠯᠭᠡ ᠶᠢ ᠪᠦᠲᠦᠮᠵᠢᠲᠡᠶ ᠲᠦᠭᠡᠮᠡᠯᠵᠢᠭᠦᠯᠵᠦ᠂ ᠣᠯᠠᠨ ᠲᠦᠮᠡᠨ ᠤ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠵᠦ᠂ ᠨᠡᠶᠢᠭᠡᠮ ᠤᠨ ᠰᠠᠶᠢᠨ ᠦᠷ᠎ᠡ ᠪᠦᠲᠦᠮᠵᠢ ᠶᠢ ᠣᠯᠤᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠦᠷᠭᠦᠯᠵᠢᠯᠡᠨ ᠲᠣᠰ ᠪᠡᠶ᠎ᠡ ᠶᠢᠨ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠠᠮᠤᠷᠬᠤ ᠬᠡᠪᠴᠢᠶ᠎ᠡ ᠥᠷᠭᠡᠨ᠂ ᠲᠠᠰ ᠳᠠᠪᠬᠤᠷᠭ᠎ᠠ ᠪᠠᠶᠠᠯᠢᠭ᠂ ᠣᠯᠠᠨ ᠲᠦᠮᠡᠨ ᠲᠠᠢ ᠣᠶᠢᠷᠠᠲᠤᠭᠰᠠᠨ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠡᠬᠢ ᠡᠭᠦᠰᠦᠯ ᠠᠴᠠ ᠨᠢ ᠵᠠᠰᠠᠬᠤ ᠶᠢ ᠠᠬᠢᠭᠤᠯᠤᠨ᠂ ᠨᠡᠶᠢᠭᠡᠮ ᠨᠡᠶᠢᠲᠡ ᠶᠢᠨ ᠮᠥᠩᠭᠦᠨ ᠭᠦᠢᠯᠭᠡᠭᠡᠨ ᠤ ᠬᠡᠪ ᠪᠣᠯᠪᠠᠰᠤᠷᠠᠯ ᠪᠠ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠬᠦᠴᠦᠨ ᠢᠶᠠᠷ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠬᠠᠮᠠᠭᠠᠯᠠᠵᠤ᠂ ᠪᠥᠬᠦ ᠬᠤᠰᠢᠭᠤᠨ ᠤ ᠠᠵᠤ ᠠᠬᠤᠶ ᠳᠤ ᠡᠳ᠋ ᠤᠨ ᠵᠠᠰᠠᠭ ᠤᠨ ᠮᠥᠩᠭᠦᠨ ᠭᠦᠢᠯᠭᠡᠭᠡᠨ ᠤ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ