| | | | 6 ᠰᠠᠷ᠎ᠠ ᠶᠢᠨ 14 ᠤ ᠡᠳᠦᠷ ᠠᠴᠠ 16 ᠤ ᠡᠳᠦᠷ ᠪᠣᠯᠲᠠᠯ᠎ᠠ᠂ ᠮᠠᠨ ᠤ ᠬᠤᠰᠢᠭᠤ ᠨᠢᠭᠡ ᠡᠭᠡᠯᠵᠢ ᠶᠢᠨ ᠰᠢᠷᠦᠭᠦᠨ ᠪᠣᠷᠣᠭᠠᠨ ᠤ ᠴᠠᠭ ᠠᠭᠤᠷ ᠢ ᠤᠭᠲᠤᠨ | ᠠᠪᠴᠢᠷᠠᠵᠤ᠂ ᠬᠡᠰᠡᠭ ᠭᠠᠵᠠᠷ ᠣᠷᠣᠨ ᠳᠤ ᠶᠡᠭᠡ ᠪᠣᠷᠣᠭᠠᠨ ᠣᠷᠣᠵᠤ᠂ ᠦᠶᠡᠷ ᠤᠰᠤᠲᠤᠯ ᠤᠨ ᠭᠠᠮᠰᠢᠭ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠠᠷᠢᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠤᠰᠤᠨ ᠠᠰᠢᠭᠯᠠᠯᠲᠠ ᠶᠢᠨ | ᠲᠣᠪᠴᠢᠶ᠎ᠠ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠵᠤ᠂ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠶ ᠨᠠᠶᠢᠳᠠᠪᠤᠷᠢᠵᠢᠭᠤᠯᠤᠨ᠂ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠪᠠ᠃ | ᠪᠠᠴᠢᠮ ᠲᠤᠬᠢᠷᠠᠭᠤᠯᠬᠤ ᠬᠤᠷᠠᠯ ᠬᠤᠷᠠᠯᠳᠤᠭᠤᠯᠵᠤ᠂ ᠣᠳᠣᠬᠠᠨ ᠤ ᠪᠣᠷᠣᠭᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠤᠰᠤᠨ ᠠᠰᠢᠭᠯᠠᠯᠲᠠ ᠶᠢᠨ | ᠰᠢᠰᠲ᠋ᠧᠮ ᠤᠨ ᠦᠶᠡᠷ ᠢ ᠰᠡᠷᠭᠡᠶᠢᠯᠡᠬᠦ ᠠᠵᠢᠯ ᠢ ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠵᠤ᠂ ᠳᠠᠬᠢᠨ ᠨᠠᠶᠢᠳᠠᠪᠤᠷᠢᠵᠢᠭᠤᠯᠤᠨ᠎ᠠ︔ ᠦᠶᠡᠷ ᠢ ᠰᠡᠷᠭᠡᠶᠢᠯᠡᠬᠦ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠡᠰᠡᠭ ᠤᠨ ᠬᠠᠷᠢᠭᠤᠴᠠᠯᠭᠠᠲᠤ ᠨᠢᠭᠡᠴᠡ ᠪᠠ ᠬᠠᠷᠢᠭᠤᠴᠠᠯᠭᠠᠲᠠᠨ ᠢ | ᠲᠣᠳᠣᠷᠬᠠᠶᠢᠯᠠᠵᠤ᠂ ︽ᠬᠠᠮᠢᠶᠠᠷᠬᠤ ᠬᠥᠮᠦᠨ ᠲᠠᠢ᠂ ᠬᠠᠮᠢᠶᠠᠷᠬᠤ ᠶᠢ ᠪᠣᠳᠠᠲᠠᠶᠢᠵᠢᠭᠤᠯᠬᠤ︾ ᠶᠢ ᠦᠨᠡᠨᠬᠦ ᠪᠠᠲᠤᠯᠠᠨ᠎ᠠ︔ ᠳᠠᠯᠳᠠ ᠭᠡᠮ ᠢ ᠵᠢᠭᠰᠠᠭᠠᠨ ᠪᠠᠶᠢᠴᠠᠭᠠᠵᠤ | ᠳᠠᠬᠢᠨ ᠪᠠᠶᠢᠴᠠᠭᠠᠬᠤ ᠶᠢ ᠥᠷᠨᠢᠭᠦᠯᠵᠦ᠂ ᠳᠠᠯᠳᠠ ᠭᠡᠮ ᠢ ᠣᠯᠵᠤ ᠮᠡᠳᠡᠪᠡᠯ ᠳᠠᠷᠦ᠋ᠢᠬᠠᠨ ᠰᠢᠢᠳᠪᠦᠷᠢᠯᠡᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠭᠠᠵᠣ ᠦᠶᠡᠷ ᠢ | ᠥᠩᠭᠡᠷᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠬᠦ᠂ ᠤᠰᠤᠨ ᠴᠥᠭᠦᠷᠥᠮ ᠤᠨ ᠭᠤᠤᠯ ᠤᠨ ᠵᠠᠮ ᠤᠨ ᠠᠵᠢᠯᠯᠠᠭᠠᠨ ᠢ ᠬᠢᠨᠠᠨ | ᠡᠵᠡᠮᠳᠡᠬᠦ ᠶᠢ ᠴᠢᠩᠭᠠᠳᠬᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠣᠯᠠᠨᠲᠠ ᠵᠥᠪᠳᠡᠯᠴᠡᠨ ᠬᠠᠮᠲᠤᠷᠠᠨ ᠬᠥᠳᠡᠯᠦᠯᠴᠡᠵᠦ᠂ ᠬᠠᠮᠤᠭ ᠤᠨ ᠰᠢᠨ᠎ᠡ | ᠪᠣᠷᠣᠭᠠᠨ ᠤ ᠪᠠᠶᠢᠳᠠᠯ ᠢ ᠴᠠᠭ ᠲᠤᠬᠠᠶ ᠳᠤᠨᠢ ᠣᠯᠵᠤ᠂ ᠳᠡᠭᠡᠳᠦ ᠤᠷᠤᠰᠬᠠᠯ ᠤᠨ ᠤᠰᠤᠨ ᠴᠥᠭᠦᠷᠥᠮ ᠤᠨ ᠦᠶᠡᠷ ᠵᠠᠯᠠᠬᠤ᠂ ᠭᠤᠤᠯ ᠮᠥᠷᠡᠨ ᠤ ᠤᠰᠤ ᠢᠷᠡᠬᠦ | ᠮᠡᠳᠡᠭᠡ ᠵᠠᠩᠭᠢ ᠵᠡᠷᠭᠡ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠎ᠡ︔ ᠠᠭᠤᠯᠠᠨ ᠦᠶᠡᠷ ᠤᠨ ᠭᠠᠮᠰᠢᠭ ᠤᠨ ᠰᠡᠷᠡᠮᠵᠢᠯᠡᠭᠦᠯᠦᠯ ᠢ ᠴᠢᠩᠭᠠᠳᠬᠠᠵᠤ᠂ ᠰᠡᠷᠡᠮᠵᠢᠯᠡᠭᠦᠯᠬᠦ | ᠲᠠᠪᠴᠠᠩ ᠤᠨ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠵᠤ᠂ ᠰᠡᠷᠡᠮᠵᠢᠯᠡᠭᠦᠯᠬᠦ ᠪᠣᠱᠤᠭ᠎ᠠ ᠶᠢᠨ ᠬᠡᠮᠵᠢᠭᠳᠡᠯ ᠳᠤ ᠬᠦᠷᠦᠮᠡᠭᠴᠡ ᠲᠡᠷᠡ ᠳᠠᠷᠤᠢ ᠳᠤᠨᠢ ᠤᠯᠠᠨ | ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠵᠦ᠂ ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠢ ᠰᠢᠯᠤᠭᠤᠳᠬᠠᠵᠤ᠂ | ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠮᠵᠢᠭᠤᠯᠬᠤ ︽ᠡᠴᠦᠰ ᠤᠨ ᠨᠢᠭᠡ ᠺᠢᠯᠦᠮᠧᠲᠷ︾ ᠢ ᠪᠠᠳᠤᠯᠠᠨ᠎ᠠ᠃ | 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ | ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠴᠠᠭ ᠲᠤᠬᠠᠶ ᠳᠤᠨᠢ ᠵᠠᠷᠯᠢᠭ ᠬᠦᠯᠢᠶᠡᠯᠭᠡᠵᠦ᠂ ᠲᠦᠭᠰᠢᠭᠦᠷᠢᠲᠦ ᠪᠠᠶᠢᠳᠠᠯ᠂ | ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠬᠠᠷᠭᠤᠭᠤᠯᠵᠤ᠂ ᠳᠡᠭᠡᠭᠰᠢ | ᠮᠡᠳᠡᠭᠦᠯᠵᠦ᠂ ᠦᠶᠡᠷ ᠤᠨ ᠪᠠᠶᠢᠳᠠᠯ᠂ ᠭᠠᠮᠰᠢᠭ ᠤᠨ ᠪᠠᠶᠢᠳᠠᠯ ᠵᠢᠴᠢ ᠲᠦᠭᠰᠢᠭᠦᠷᠢᠲᠦ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠲᠡᠷᠡ ᠳᠠᠷᠤᠶ ᠳᠤᠨᠢ ᠡᠵᠡᠮᠰᠢᠵᠦ | ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠮᠡᠳᠡᠭᠦᠯᠬᠦ ᠥᠬᠡᠶ ᠨᠢᠭᠤᠬᠤ ᠶᠢ ᠲᠠᠰᠤ ᠵᠣᠭᠰᠣᠭᠠᠵᠤ᠂ ᠭᠡᠨᠡᠳᠲᠡ ᠶᠢᠨ ᠪᠠᠶᠢᠳᠠᠯ ᠢ ᠴᠠᠭ | ᠲᠤᠬᠠᠶ ᠳᠤᠨᠢ ᠰᠢᠢᠳᠪᠦᠷᠢᠯᠡᠨ᠎ᠡ᠃ | ᠵᠠᠯᠭᠠᠭᠠᠳ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠦᠷᠭᠦᠯᠵᠢᠯᠡᠨ ᠪᠠᠬᠢᠯᠡᠯᠲᠡ ᠪᠠᠨ ᠴᠢᠩᠭ᠎ᠠ ᠰᠠᠬᠢᠵᠤ᠂ ᠳᠡᠭᠡᠳᠦ ᠬᠡᠮᠵᠢᠶᠡᠨ ᠤ | ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠷ ᠡᠯ᠎ᠡ ᠵᠦᠢᠯ ᠤᠨ ᠦᠶᠡᠷ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠵᠤ᠂ ᠪᠥᠬᠦ ᠬᠤᠰᠢᠭᠤᠨ ᠤ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠦᠨᠡᠨ ᠬᠦ ᠪᠠᠲᠤᠯᠠᠨ᠎ᠠ᠃ |